《ᠮᠠᠩᠬᠠᠨ ᠠᠶᠠᠯᠭᠤ》ᠳᠡᠯᠡᠬᠡᠢ ᠶᠢᠨ ᠦᠨᠳᠦᠰᠦᠲᠡᠨ ᠤ ᠺᠢᠨᠤ᠋ ᠶᠢᠨ ᠨᠠᠶᠢᠷ ᠲᠤ ᠰᠤᠨᠭᠭᠤᠬᠳᠠᠪᠠ

ᠤᠩᠰᠢᠭᠰᠠᠨ ᠤᠳᠠᠭ᠎ᠠ ᠄ 778    ᠨᠡᠶᠢᠳᠡᠯᠡᠭᠰᠡᠨ ᠴᠠᠭ ᠄ 2016-03-08

      ᠲᠦᠷᠦᠭᠦᠬᠡᠨ᠂ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠬᠢᠭᠡᠳ ᠦᠪᠦᠷ ᠮᠣᠩᠭᠣᠯ ᠤᠨ ᠺᠢᠨᠤ᠋ ᠶᠢᠨ ᠪᠦᠯᠦᠭᠯᠡᠯ ᠺᠤᠮᠫᠠᠨᠢ ᠡᠴᠡ ᠬᠠᠮᠲᠤᠷᠠᠨ ᠰᠡᠭᠦᠳᠡᠷᠯᠡᠵᠦ ᠦᠢᠯᠡᠳᠦᠭᠰᠡᠨ《 ᠮᠠᠩᠬᠠᠨ ᠠᠶᠠᠯᠭᠤ》 ᠺᠢᠨᠤ᠋ 2016 ᠤᠨ ᠤ《ᠠᠷᠪᠠᠨ ᠭᠤᠷᠪᠠᠳᠤᠭᠠᠷ ᠡᠭᠡᠯᠵᠢ ᠶᠢᠨ ᠳᠡᠯᠡᠬᠡᠢ ᠶᠢᠨ ᠦᠨᠳᠦᠰᠦᠲᠡᠨ ᠤ ᠺᠢᠨᠤ᠋ ᠶᠢᠨ ᠨᠠᠶᠢᠷ》 ᠲᠤ ᠰᠤᠩᠭᠤᠭᠳᠠᠪᠠ᠃ 《 ᠮᠠᠩᠬᠠᠨ ᠠᠶᠠᠯᠭᠤ》 ᠺᠢᠨᠤ᠋ ᠤᠯᠤᠰ ᠤᠨ ᠳᠡᠰ ᠤᠨ ᠪᠡᠶᠡᠳᠤ ᠪᠤᠰᠤ ᠰᠤᠶᠤᠯ ᠤᠨ ᠦᠪ ᠪᠤᠯᠬᠤ《 ᠮᠠᠩᠬᠠᠨ ᠠᠶᠠᠯᠭᠤ》 ᠪᠡᠷ ᠡᠭᠦᠳᠦᠨ ᠪᠦᠲᠦᠭᠡᠬᠦ ᠪᠤᠷᠤ ᠮᠠᠲ᠋ᠸᠷᠢᠶᠠᠯ ᠪᠤᠯᠭᠠᠵᠦ᠂ 2014 ᠤᠨ ᠤ 7 ᠰᠠᠷ᠎ᠠ ᠡᠴᠡ ᠡᠬᠢᠯᠡᠵᠦ ᠰᠡᠭᠦᠳᠡᠷᠯᠡᠵᠡᠢ᠂ ᠦᠪᠦᠷ ᠮᠣᠩᠭᠣᠯ ᠤᠨ ᠺᠢᠨᠤ᠋ ᠶᠢᠨ ᠨᠡᠶᠢᠭᠡᠮᠯᠢᠭ  ᠤᠨ ᠳᠡᠳ᠋ ᠲᠡᠷᠢᠭᠦᠯᠡᠭ᠍ᠴᠢ᠂ ᠤᠷᠳᠤᠰ ᠬᠤᠲᠠ ᠶᠢᠨ ᠺᠢᠨᠤ᠋ ᠲᠸᠯᠸᠢᠰ ᠤᠨ ᠨᠡᠶᠢᠭᠡᠮᠯᠢᠭ᠌ ᠤᠨ ᠲᠡᠷᠢᠭᠦᠯᠡᠭᠴᠢ᠂ ᠤᠯᠤᠰ ᠤᠨ ᠨᠢᠭᠡᠳᠦᠭᠡᠷ ᠳᠡᠰ ᠤᠨ ᠵᠦᠴᠦᠭᠡ ᠶᠢᠨ ᠵᠤᠬᠢᠶᠠᠯᠴᠢ ᠵᠠᠩ ᠪᠢᠩ ᠶᠢ ᠠᠪᠤᠭᠠᠢ ᠺᠢᠨᠤ᠋ ᠶᠢᠨ ᠵᠦᠴᠦᠭᠡ ᠶᠢᠨ ᠵᠤᠬᠢᠶᠠᠯᠴᠢ ᠶᠢᠨ ᠡᠭᠦᠷᠭᠡ ᠵᠢ ᠬᠠᠷᠢᠭᠤᠴᠠᠵᠦ᠂ ᠦᠪᠦᠷ ᠮᠣᠩᠭᠣᠯ ᠤᠨ ᠺᠢᠨᠤ᠋ ᠦᠢᠯᠡᠳᠪᠦᠷᠢ ᠶᠢᠨ ᠪᠦᠷᠢᠨ ᠪᠤᠰᠤ ᠬᠠᠷᠢᠭᠤᠴᠠᠯᠭᠠᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ᠂ ᠤᠯᠤᠰ ᠤᠨ ᠨᠢᠭᠡᠳᠦᠭᠡᠷ ᠳᠡᠰ ᠤᠨ ᠤᠳᠤᠷᠢᠳᠤᠭᠠᠴᠢ ᠵᠤᠤ ᠠᠪᠤᠭᠠᠢ ᠤᠳᠤᠷᠢᠳᠴᠠᠢ᠃

    ᠺᠢᠨᠤ᠋ ᠨᠢ ᠭᠠᠳᠠᠨ᠎ᠠ ᠤᠷᠤᠨ ᠡᠴᠡ ᠢᠷᠡᠭᠰᠡᠨ ᠬᠦᠯᠦᠰᠦᠨ ᠠᠵᠢᠯᠴᠢᠨ ᠯᠢ ᠾᠸ ᠴᠢᠩ ᠤᠨ ᠪᠠᠷᠠᠭᠤᠨ ᠤᠷᠤᠨ ᠳᠤ ᠲᠡᠨᠤᠭᠦᠴᠢᠯᠡᠵᠦ ᠢᠷᠡᠭᠰᠡᠨ ᠠᠪᠤ ᠶᠢᠨ ᠢᠶᠡᠨ ᠰᠤᠷᠠᠬ ᠢ ᠬᠠᠶᠢᠬᠰᠠᠨ ᠦᠢᠯᠡ ᠶᠠᠪᠤᠳᠠᠯ ᠢᠶᠡᠷ ᠰᠦᠪᠡᠭ᠍ᠴᠢ ᠪᠤᠯᠭᠠᠵᠦ᠂ ᠯᠢ ᠾᠸ ᠴᠢᠩ ᠪᠤᠯᠤᠨ ᠨᠠᠷᠠᠨᠬᠤᠸᠠᠷ ᠤᠨ ᠴᠢᠩ ᠦᠨᠡᠨᠴᠢ ᠬᠠᠶᠢᠷ᠎ᠠ ᠳᠤᠷᠠᠯᠠᠯ ᠤᠨ ᠦᠯᠢᠭᠡᠷ ᠢᠶᠡᠷ ᠾᠸᠪᠸᠢ᠂ ᠱᠠᠨᠰᠢ᠂ ᠦᠪᠦᠷ ᠮᠣᠩᠭᠣᠯ ᠳᠤ ᠦᠷᠭᠡᠨ ᠢᠶᠡᠷ ᠤᠯᠠᠮᠵᠢᠯᠠᠬᠳᠠᠵᠦ ᠪᠠᠶᠢᠭ᠎ᠠ ᠠᠷᠠᠳ ᠤᠨ ᠳᠤᠮᠳᠠᠬᠢ ᠠᠶ᠎ᠠ ᠳᠠᠭᠤ ᠂ ᠮᠠᠩᠬᠠᠨ ᠠᠶᠠᠯᠭᠤ ᠶᠢᠨ ᠪᠦᠷᠢᠯᠳᠦᠯ ᠵᠢᠴᠢ ᠤᠷᠠᠯᠢᠬ ᠤᠨ ᠲᠠᠳᠠᠬᠤ ᠬᠦᠴᠦᠨ ᠢ ᠲᠤᠭᠠᠴᠢᠨ ᠦᠭᠦᠯᠡᠭ᠍ᠰᠡᠨ ᠪᠠᠶᠢᠨ᠎ᠠ᠃ ᠡᠭᠦᠨ ᠤ ᠵᠡᠷᠭᠡᠪᠡᠷ᠂ ᠲᠤᠰ ᠺᠢᠨᠤ᠋ ᠨᠢ ᠪᠠᠰᠠ ᠮᠣᠩᠭᠣᠯ ᠬᠢᠲᠠᠳ ᠦᠨᠳᠦᠰᠦᠲᠡᠨ ᠤ ᠠᠷᠠᠳ ᠲᠦᠮᠡᠨ ᠤ ᠨᠢᠭᠡ ᠭᠡᠷ ᠤᠨ ᠬᠦᠮᠦᠨ ᠮᠡᠲᠤ ᠲᠣᠳᠣᠨᠤᠰᠤᠭ ᠢᠶᠠᠷ ᠦᠨᠳᠦᠰᠦᠲᠡᠨ ᠤ ᠲᠦᠪ ᠶᠤᠰᠤᠨ ᠤ ᠡᠮᠦᠨᠡᠬᠢ ᠬᠠᠷᠭᠢᠰ ᠳᠠᠶᠢᠰᠤᠨ ᠢ ᠬᠠᠮᠲᠤᠪᠡᠷ ᠬᠤᠷᠤᠰᠬᠤ᠂ ᠨᠢᠭᠡ ᠭᠡᠷ ᠤᠨ ᠬᠦᠮᠦᠨ ᠮᠡᠲᠤ ᠨᠢᠬᠲᠠ ᠪᠦᠯᠬᠦᠮᠳᠡᠬᠦ ᠦᠨᠳᠦᠰᠦᠲᠡᠨ ᠤ ᠵᠤᠷᠢᠬ ᠰᠠᠨᠠᠭ᠎ᠠ ᠵᠢ ᠮᠠᠬᠲᠠᠨ ᠳᠠᠭᠤᠯᠠᠵᠠᠢ᠃ ᠺᠢᠨᠤ᠋ ᠳᠤ ᠪᠠᠰᠠ ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠦᠪᠡᠷᠮᠢᠴᠡ ᠤᠨᠴᠠᠯᠢᠬ ᠢ ᠲᠡᠷᠡ ᠬᠡᠪ ᠢᠶᠡᠷ ᠨᠢ ᠢᠯᠡᠷᠡᠭᠦᠯᠦᠭᠰᠡᠨ ᠢᠶᠡᠷ᠂ ᠳᠡᠯᠡᠬᠡᠢ ᠶᠢᠨ ᠦᠨᠳᠦᠰᠦᠲᠡᠨ ᠤ ᠺᠢᠨᠤ᠋ ᠶᠢᠨ ᠨᠠᠶᠢᠷ ᠤᠨ ᠦᠨᠡᠯᠡᠨ ᠰᠢᠯᠭᠠᠷᠠᠭᠤᠯᠬᠤ ᠺᠤᠮᠢᠰ ᠤᠨ ᠬᠢᠨ ᠤ ᠰᠠᠶᠢᠨ ᠦᠨᠡᠯᠡᠯᠲᠡ ᠵᠢ ᠤᠯᠤᠬᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄