ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠬᠤᠶᠠᠷ ᠬᠤᠷᠢᠶᠠᠨ ᠤ ᠠᠵᠢᠯ ᠤᠨ ᠮᠡᠳᠡᠭᠦᠯᠦᠯᠲᠡ ᠶ᠋ᠢ ᠬᠢᠨᠠᠨ ᠵᠦᠪᠯᠡᠯ᠎ᠡ

ᠤᠩᠰᠢᠭᠰᠠᠨ ᠤᠳᠠᠭ᠎ᠠ ᠄ 793    ᠨᠡᠶᠢᠳᠡᠯᠡᠭᠰᠡᠨ ᠴᠠᠭ ᠄ 2016-03-18

      12 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠦᠷᠪᠡᠳᠦᠬᠡᠷ ᠬᠤᠷᠠᠯᠳᠤᠭᠠᠨ ᠳ᠋ᠦ ᠤᠷᠤᠯᠴᠠᠵᠤ ᠪᠠᠶᠢᠭ᠎ᠠ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ 《 ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠤᠶᠠᠨ ᠤ ᠦᠢᠯᠡᠰ ᠤᠨ ᠬᠠᠤᠯᠢ 》ᠶ᠋ᠢᠨ ᠲᠦᠰᠦᠯ ᠤᠨ ᠵᠠᠰᠠᠪᠤᠷᠢ ᠤᠷᠤᠭᠤᠯᠤᠭᠰᠠᠨ ᠨᠤᠤᠷᠠᠭ ᠢ ᠬᠢᠨᠠᠨ ᠵᠦᠪᠯᠡᠵᠦ᠂ ᠠᠷᠠᠳ ᠤᠨ ᠳᠡᠬᠡᠳᠦ ᠰᠢᠬᠦᠬᠦ ᠬᠤᠷᠢᠶ᠎ᠠ ᠪᠤᠯᠤᠨ ᠠᠷᠠᠳ ᠤᠨ ᠳᠡᠬᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶ᠋ᠢ ᠬᠢᠨᠠᠨ ᠵᠦᠪᠯᠡᠬᠦ ᠦᠶ᠎ᠡ᠂ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶ᠋ᠢᠨ ᠬᠤᠷᠢᠶᠠᠨ ᠤ ᠡᠷᠬᠢᠯᠡᠭᠴᠢ ᠸᠠᠩ ᠵᠢᠶᠦ᠋ᠨ ᠬᠤᠷᠠᠯ ᠢ ᠡᠷᠬᠢᠯᠡᠵᠦ ᠶᠠᠷᠢᠶ᠎ᠠ ᠳᠠᠯᠪᠢᠭᠰᠠᠨ ᠪᠠᠶᠢᠨ᠎ᠠ᠃
      ᠸᠠᠩ ᠵᠢᠶᠦ᠋ᠨ ᠬᠡᠯᠡᠬᠦ ᠳ᠋ᠡᠭᠡᠨ᠄ ᠠᠷᠠᠳ ᠤᠨ ᠳᠡᠬᠡᠳᠦ ᠰᠢᠬᠦᠬᠦ ᠬᠤᠷᠢᠶ᠎ᠠ ᠪᠤᠯᠤᠨ ᠠᠷᠠᠳ ᠤᠨ ᠳᠡᠬᠡᠳᠦ ᠪᠠᠶᠢᠴᠠᠭᠠᠬᠤ ᠬᠤᠷᠢᠶᠠᠨ ᠤ ᠮᠡᠳᠡᠭᠦᠯᠦᠯᠲᠡ ᠨᠢ ᠡᠨᠡ ᠵᠢᠯ ᠤᠨ ᠠᠵᠢᠯ ᠳ᠋ᠦ ᠨᠢᠬᠡᠨᠳᠡ ᠪᠦᠬᠦ ᠳᠠᠯ᠎ᠠ ᠶ᠋ᠢᠨ ᠳᠤᠬᠢᠷᠠᠭᠤᠯᠤᠯᠳᠠ ᠬᠢᠭᠰᠡᠨ ᠪᠤᠯᠬᠤᠷ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠡᠯ᠎ᠡ ᠱᠠᠳᠤᠨ ᠤ ᠰᠢᠬᠦᠨ ᠳᠠᠰᠤᠯᠬᠤ ᠪᠠ ᠪᠠᠶᠢᠴᠠᠭᠠᠬᠤ ᠪᠠᠶᠢᠭᠤᠯᠭ᠎ᠠ ᠶ᠋ᠢᠨ ᠬᠢᠨ ᠵᠠᠪᠠᠯ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠵᠤᠷᠪᠤᠰ ᠨᠢᠬᠡᠪᠦᠷᠢ ᠶ᠋ᠢ ᠬᠦᠨᠵᠡᠬᠡᠢ ᠰᠤᠷᠤᠯᠴᠠᠵᠤ᠂ ᠪᠦᠬᠦ ᠳᠠᠯ᠎ᠠ ᠪᠡᠷ ᠳᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭᠠᠳ ᠮᠠᠨ ᠤ ᠤᠷᠤᠨ ᠤ ᠰᠢᠬᠦᠨ ᠳᠠᠰᠤᠯᠬᠤ ᠠᠵᠢᠯ ᠪᠤᠯᠤᠨ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠪᠤᠢ ᠪᠤᠯᠭᠠᠵᠤ᠂ ᠡᠬᠡ ᠤᠷᠤᠨ ᠤ ᠪᠠᠷᠠᠭᠤᠨ ᠬᠢᠵᠠᠭᠠᠷ ᠤᠷᠤᠨ ᠢᠶ᠋ᠡᠨ ᠦᠵᠡᠰᠬᠦᠯᠡᠩ ᠳᠡᠬᠦᠯᠳᠡᠷ ᠪᠤᠯᠭᠠᠨ ᠪᠦᠳᠦᠬᠡᠨ ᠪᠠᠶᠢᠭᠤᠯᠬᠤ ᠳ᠋ᠦ ᠨᠡᠩ ᠢᠯᠡᠬᠦᠦ ᠬᠤᠪᠢ ᠨᠡᠮᠡᠷᠢ ᠪᠡᠨ ᠦᠵᠡᠬᠦᠯᠬᠦ ᠬᠡᠷᠡᠭᠳᠡᠢ ᠬᠡᠵᠡᠢ᠃ ᠬᠣ᠋ ᠢ ᠹᠸᠩ᠂ ᠮᠠ ᠶᠦᠩ ᠱᠸᠩ᠂ ᠬᠤᠷᠴᠠ᠂ ᠴᠠᠩ ᠵᠢᠶᠦ᠋ᠨ ᠵᠸᠩ᠂ ᠤᠯᠠᠭᠠᠨ᠂ ᠯᠢᠶᠠᠨ ᠰᠦ᠂ ᠴᠤᠭ ᠵᠡᠷᠭᠡ ᠲᠦᠯᠦᠭᠡᠯᠡᠭᠴᠢ ᠤᠷᠢᠳ ᠬᠤᠵᠢᠳ ᠶᠠᠷᠢᠶ᠎ᠠ ᠳᠠᠯᠪᠢᠵᠤ᠂ ᠠᠷᠠᠳ ᠤᠨ ᠳᠡᠭᠡᠳᠦ ᠰᠢᠬᠦᠬᠦ ᠬᠤᠷᠢᠶ᠎ᠠ ᠪᠤᠯᠤᠨ ᠠᠷᠠᠳ ᠤᠨ ᠳᠡᠬᠡᠳᠦ ᠪᠠᠶᠢᠴᠠᠭᠠᠬᠤ ᠬᠤᠷᠢᠶᠠᠨ ᠤ ᠮᠡᠳᠡᠭᠦᠯᠦᠯᠲᠡ ᠶ᠋ᠢ ᠦᠨᠳᠦᠷ ᠦᠨᠡᠯᠡᠵᠦ᠂ ᠡᠨᠡ ᠬᠤᠶᠠᠷ ᠬᠤᠷᠢᠶᠠᠨ ᠤ ᠠᠵᠢᠯ ᠢ ᠬᠦᠢᠴᠡᠳ ᠨᠤᠳᠠᠯᠠᠵᠤ᠂ ᠡᠨᠡ ᠬᠤᠶᠠᠷ ᠢᠯᠡᠳᠬᠡᠯ ‍ᠢ ᠪᠦᠷᠢᠨ ᠵᠦᠪᠰᠢᠶᠡᠷᠡᠵᠦ ᠪᠠᠶᠢᠨ᠎ᠠ ᠬᠡᠵᠦ ᠢᠯᠡᠷᠬᠡᠶᠢᠯᠡᠭᠰᠡᠨ ᠤ ᠬᠠᠮᠳᠤ᠂ ᠬᠤᠶᠠᠷ ᠬᠤᠷᠢᠶᠠᠨ ᠤ ᠠᠵᠢᠯ ᠤᠨ ᠮᠡᠳᠡᠭᠦᠯᠦᠯᠲᠡ ᠶ᠋ᠢ ᠨᠠᠶᠢᠳᠠᠪᠤᠷᠢᠵᠢᠭᠤᠯᠬᠤ ᠪᠡᠷ ᠭᠤᠤᠯᠳᠠᠭᠤᠯᠤᠨ᠂ ᠰᠢᠬᠦᠭᠴᠢ ᠪᠤᠯᠤᠨ ᠪᠠᠶᠢᠴᠠᠭᠠᠭᠴᠢ ᠶ᠋ᠢᠨ ᠳᠤᠬᠠᠶᠢᠯᠠᠭᠰᠠᠨ ᠠᠵᠢᠯ ᠤᠨ ᠪᠠᠳᠤᠯᠠᠭ᠎ᠠ᠂ ᠦᠨᠳᠦᠰᠦᠨ ᠱᠠᠳᠤᠨ ᠤ ᠰᠢᠬᠦᠬᠦ ᠬᠤᠷᠢᠶ᠎ᠠ ᠪᠤᠯᠤᠨ ᠪᠠᠶᠢᠴᠠᠭᠠᠬᠤ ᠬᠤᠷᠢᠶᠠᠨ ᠤ ᠡᠩᠨᠡᠬᠡᠨ ᠤ ᠪᠠᠶᠢᠭᠤᠯᠤᠯᠳᠠ᠂ ᠬᠠᠤᠯᠢ ᠵᠦᠢ ᠶ᠋ᠢᠨ ᠳᠠᠶᠢᠯᠪᠤᠷᠢ ᠬᠢᠬᠦ ᠠᠵᠢᠯ ᠢ ᠴᠢᠩᠭᠠᠳᠬᠠᠬᠤ᠂ ᠦᠨᠳᠦᠰᠦᠳᠡᠨ ᠤ ᠤᠷᠤᠨ ᠤ ᠰᠢᠬᠦᠬᠦ ᠬᠤᠷᠢᠶ᠎ᠠ ᠪᠤᠯᠤᠨ ᠪᠠᠶᠢᠴᠠᠭᠠᠬᠤ ᠬᠤᠷᠢᠶᠠᠨ ᠤ ᠠᠵᠢᠯ ᠢ ᠵᠢᠯᠤᠭᠤᠳᠬᠤ ᠪᠤᠯᠤᠨ ᠳᠡᠮᠵᠢᠬᠦ ᠡᠷᠴᠢᠮ ᠢᠶ᠋ᠡᠨ ᠴᠢᠩᠭᠠᠳᠬᠠᠬᠤ ᠵᠡᠷᠭᠡ ᠳᠠᠯ᠎ᠠ ᠪᠡᠷ ᠰᠠᠨᠠᠯ ᠰᠠᠨᠠᠭᠤᠯᠭ᠎ᠠ ᠪᠡᠨ ᠳᠤᠷᠠᠳᠤᠭᠰᠠᠨ ᠪᠠᠶᠢᠨ᠎ᠠ᠃
ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ