ᠬᠣᠨᠢ ᠮᠠᠯ ᠢ ᠲᠣᠭᠲᠠᠭᠰᠠᠨ ᠦᠨ᠎ᠡ ᠬᠠᠩᠰᠢ ᠶ᠋ᠢᠨ ᠳᠠᠭᠠᠳᠬᠠᠯ ᠳ᠋ᠥ ᠣᠷᠣᠭᠣᠯᠬᠣ ᠨᠢ ᠮᠠᠯᠴᠢᠳ ᠤᠨ ᠵᠠᠬ᠎ᠠ ᠳᠡᠯᠭᠡᠭᠦᠷ ᠲᠦ ᠯᠠᠪᠳᠠᠭᠤᠨ ᠢᠶᠠᠷ ᠣᠷᠣᠵᠤ ᠦᠪᠡᠷ ᠦᠨ ᠭᠡᠰᠡᠨ ᠣᠷᠣᠨ ᠪᠠᠶᠢᠷᠢ ᠪᠠᠨ ᠡᠵᠡᠯᠡᠬᠦ ᠳ᠋ᠦ ᠰᠠᠭᠤᠷᠢ ᠪᠣᠯᠣᠨ᠎ᠠ

ᠤᠩᠰᠢᠭᠰᠠᠨ ᠤᠳᠠᠭ᠎ᠠ ᠄ 1052    ᠨᠡᠶᠢᠳᠡᠯᠡᠭᠰᠡᠨ ᠴᠠᠭ ᠄ 2016-03-18

     ᠠᠷᠠᠳ ᠤᠨ ᠲᠦᠯᠦᠭᠡᠯᠡᠭᠴᠢ ᠡᠷᠳᠡᠨᠢᠭᠡᠷᠡᠯ᠄ 

           ᠬᠣᠨᠢ ᠮᠠᠯ ᠢ ᠲᠣᠭᠲᠠᠭᠰᠠᠨ ᠦᠨ᠎ᠡ ᠬᠠᠩᠰᠢ ᠶ᠋ᠢᠨ ᠳᠠᠭᠠᠳᠬᠠᠯ ᠳ᠋ᠥ ᠣᠷᠣᠭᠣᠯᠬᠣ ᠨᠢ

           ᠮᠠᠯᠴᠢᠳ ᠤᠨ ᠵᠠᠬ᠎ᠠ ᠳᠡᠯᠭᠡᠭᠦᠷ ᠲᠦ ᠯᠠᠪᠳᠠᠭᠤᠨ ᠢᠶᠠᠷ ᠣᠷᠣᠵᠤ ᠦᠪᠡᠷ ᠦᠨ ᠭᠡᠰᠡᠨ

           ᠣᠷᠣᠨ ᠪᠠᠶᠢᠷᠢ ᠪᠠᠨ ᠡᠵᠡᠯᠡᠬᠦ ᠳ᠋ᠦ ᠰᠠᠭᠤᠷᠢ ᠪᠣᠯᠣᠨ᠎ᠠ  
     2016 ᠣᠨ ᠤ 3 ᠰᠠᠷ᠎ᠠ ᠶ᠋ᠢᠨ12 ᠡᠳᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢ᠂ ᠥᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠰᠢᠯᠢ ᠶ᠋ᠢᠨ ᠭᠣᠣᠯ ᠠᠶᠢᠮᠠᠭ ᠤᠨ ᠠᠪᠠᠭ᠎ᠠ ᠬᠣᠰᠢᠭᠤᠨ ᠤ ᠪᠡᠯᠭᠦᠳᠡᠢ ᠪᠠᠯᠭᠠᠰᠤ ᠶ᠋ᠢᠨ ᠡᠷᠳᠡᠨᠢᠪᠤᠯᠠᠭ ᠭᠠᠴᠠᠭᠠᠨ ᠤ ᠭᠠᠴᠠᠭᠠᠨ ᠳᠠᠷᠤᠭ᠎ᠠ ᠡᠷᠳᠡᠨᠢᠭᠡᠷᠡᠯ ᠠᠷᠠᠳ ᠤᠨ ᠰᠦᠯᠵᠢᠶ᠎ᠡ ᠳ᠋ᠦ ᠰᠠᠭᠠᠲᠠᠵᠤ᠂ ᠦᠪᠡᠷ ᠦᠨ ᠲᠤᠰ ᠤᠳᠠᠭᠠᠨ ᠤ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠳ᠋ᠤ ᠳᠡᠪᠰᠢᠭᠦᠯᠦᠭᠰᠡᠨ ᠰᠠᠨᠠᠭᠤᠯᠭ᠎ᠠ ᠪᠠᠨ ᠶᠠᠷᠢᠨ᠂ ᠬᠣᠨᠢ ᠮᠠᠯ ᠢ ᠲᠣᠭᠲᠠᠭᠰᠠᠨ ᠦᠨ᠎ᠡ ᠬᠠᠩᠰᠢ ᠶ᠋ᠢᠨ ᠳᠠᠭᠠᠳᠬᠠᠯ ᠳ᠋ᠥ ᠣᠷᠣᠭᠣᠯᠬᠣ ᠶ᠋ᠢᠨ ᠲᠤᠬᠠᠢ᠂ ᠮᠠᠯᠴᠢᠳ ᠭᠡᠷᠬᠢᠨ ᠣᠳᠣᠬᠢ ᠵᠠᠬ᠎ᠠ ᠳᠡᠯᠭᠡᠭᠦᠷ ᠨᠡᠶᠢᠭᠡᠮ ᠦᠨ ᠪᠠᠶᠢᠳᠠᠯ ᠳ᠋ᠤ ᠬᠠᠨᠳᠤᠭᠤᠯᠤᠨ ᠲᠣᠬᠢᠷᠠᠭᠤᠯᠤᠯᠲᠠ ᠬᠢᠵᠤ ᠦᠪᠡᠷ ᠦᠨ ᠣᠷᠣᠯᠭ᠎ᠠ ᠪᠠᠨ ᠨᠡᠮᠡᠭᠳᠡᠭᠦᠯᠵᠦ ᠠᠮᠢᠳᠤᠷᠠᠯ ᠢᠶᠡᠨ ᠰᠠᠶᠢᠵᠢᠷᠠᠭᠤᠯᠬᠤ ᠲᠤᠬᠠᠢ ᠦᠪᠡᠷ ᠦᠨ ᠦᠵᠡᠯᠲᠡ ᠪᠣᠳᠣᠯ ᠢᠶᠡᠨ ᠬᠤᠪᠢᠶᠠᠯᠴᠠᠭᠰᠠᠨ ᠪᠠᠶᠢᠨ᠎ᠠ᠃      
    ᠲᠡᠷᠡ ᠬᠡᠯᠡᠬᠦ ᠳ᠋ᠦ ᠪᠡᠨ ᠬᠣᠨᠢ ᠮᠠᠯ ᠤᠨ ᠮᠢᠬ᠎ᠠ ᠶ᠋ᠢᠨ ᠦᠨ᠎ᠡ ᠬᠠᠩᠰᠢ ᠪᠠᠭᠤᠷᠠᠵᠤ ᠪᠠᠶᠢᠭ᠎ᠠ ᠨᠢ ᠮᠠᠰᠢ ᠣᠯᠠᠨ ᠭᠠᠳᠠᠭᠠᠳᠤ ᠳᠣᠲᠣᠭᠠᠳᠤ ᠣᠷᠴᠢᠨ ᠤ ᠨᠦᠯᠦᠭᠡ ᠶ᠋ᠢ ᠬᠦ᠋ᠷᠲᠡᠭᠰᠡᠨ ᠦ ᠦᠷ᠎ᠡ ᠳ᠋ᠦᠩ ᠮᠦᠨ᠂ ᠬᠣᠨᠢ ᠮᠠᠯ ᠢ ᠲᠣᠭᠲᠠᠭᠰᠠᠨ ᠦᠨ᠎ᠡ ᠬᠠᠩᠰᠢ ᠶ᠋ᠢᠨ ᠳᠠᠭᠠᠳᠬᠠᠯ ᠳ᠋ᠥ ᠣᠷᠣᠭᠣᠯᠬᠣ ᠨᠢ ᠮᠠᠯᠴᠢᠳ ᠤᠨ ᠵᠠᠬ᠎ᠠ ᠳᠡᠯᠭᠡᠭᠦᠷ ᠲᠦ ᠯᠠᠪᠳᠠᠭᠤᠨ ᠢᠶᠠᠷ ᠣᠷᠣᠵᠤ᠂ ᠦᠪᠡᠷ ᠦᠨ ᠭᠡᠰᠡᠨ ᠣᠷᠣᠨ ᠪᠠᠶᠢᠷᠢ ᠪᠠᠨ ᠡᠵᠡᠯᠡᠬᠦ ᠳ᠋ᠦ ᠰᠠᠭᠤᠷᠢ ᠪᠣᠯᠣᠨ᠎ᠠ ᠭᠡᠰᠡᠨ ᠪᠠᠶᠢᠨ᠎ᠠ᠃ ᠲᠡᠷᠡ ᠪᠠᠰᠠ ᠣᠳᠣᠬᠢ ᠨᠡᠶᠢᠬᠡᠮ ᠬᠢᠭᠡᠳ ᠵᠠᠬ᠎ᠠ ᠳᠡᠯᠭᠡᠭᠦᠷ ᠦᠨ ᠨᠦᠬᠦᠴᠡᠯ ᠳᠣᠣᠷ᠎ᠠ ᠪᠢᠳᠡ ᠡᠷᠬᠡᠪᠰᠢ ᠦᠪᠡᠷ ᠦᠪᠡᠷ ᠦᠨ ᠳᠠᠪᠠᠭᠤᠯᠢᠭ ᠢᠶᠡᠨ ᠪᠠᠳᠠᠷᠠᠭᠤᠯᠤᠨ ᠰᠢᠨ᠎ᠡ ᠶ᠋ᠢ ᠰᠡᠳᠬᠢᠨ᠂ ᠰᠢᠨ᠎ᠡ ᠶ᠋ᠢ ᠰᠡᠳᠦᠨ᠂ ᠰᠢᠨ᠎ᠡ ᠶ᠋ᠢ ᠡᠭᠦᠳᠴᠦ᠂ ᠣᠷᠣᠯᠭ᠎ᠠ ᠪᠠᠨ ᠨᠡᠮᠡᠭᠳᠡᠭᠦᠯᠦᠨ ᠠᠮᠢᠳᠤᠷᠠᠯ ᠢᠶᠡᠨ ᠰᠠᠶᠢᠵᠢᠷᠠᠭᠤᠯᠬᠤ ᠪᠡᠷ ᠴᠢᠷᠮᠠᠶᠢᠬᠤ ᠬᠡᠷᠡᠭᠲᠡᠢ ᠬᠡᠮᠡᠨ ᠮᠠᠯᠴᠢᠨ ᠲᠦᠮᠡᠨ ᠢᠶ᠋ᠡᠨ ᠤᠷᠢᠶᠠᠯᠠᠭᠰᠠᠨ ᠪᠠᠶᠢᠨ᠎ᠠ᠃                                 

ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ