ᠦᠪᠤᠷ ᠮᠤᠩᠭᠤᠯ ᠠᠮᠢ ᠠᠬᠤᠢ ᠮᠠᠭᠤᠳᠠᠭᠰᠠᠨ ᠤᠷᠤᠨ ᠳ᠋ᠤ 3 ᠵᠢᠯ ᠤᠨ ᠲᠤᠳᠤᠷ᠎ᠠ 106.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠬᠢᠪᠡ

ᠤᠩᠰᠢᠭᠰᠠᠨ ᠤᠳᠠᠭ᠎ᠠ ᠄ 861    ᠨᠡᠶᠢᠳᠡᠯᠡᠭᠰᠡᠨ ᠴᠠᠭ ᠄ 2016-03-23

        ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠡᠴᠡ ᠣᠶᠢᠯᠠᠭᠠᠭᠰᠠᠨ ᠨᠢ᠂ 2013 — 2015 ᠤᠨ ᠳ᠋ᠤ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠡᠯ᠎ᠡ ᠲᠦᠷᠦᠯ ᠤᠨ ᠪᠡᠯᠡ ᠮᠦᠩᠬᠦ ᠵᠢ ᠨᠡᠶᠢᠯᠡᠭᠦᠯᠦᠨ ᠴᠤᠭᠯᠠᠭᠤᠯᠵᠤ ᠠᠮᠢ ᠠᠬᠤᠢ ᠮᠠᠭᠤᠳᠠᠭᠰᠠᠨ ᠤᠷᠤᠨ ᠤ ᠠᠷᠠᠳ ᠢ ᠨᠡᠬᠦᠯᠭᠡᠬᠦ ᠠᠵᠢᠯ ᠢ ᠲᠦᠯᠬᠢᠨ ᠠᠬᠢᠭᠤᠯᠵᠤ᠂ ᠠᠮᠢ ᠠᠬᠤᠢ ᠮᠠᠭᠤᠳᠠᠭᠰᠠᠨ ᠤᠷᠤᠨ ᠳ᠋ᠤ 3 ᠵᠢᠯ ᠤᠨ ᠲᠤᠳᠤᠷ᠎ᠠ 106.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠬᠢᠭᠰᠡᠨ ᠪᠠᠶᠢᠨ᠎ᠠ᠃ ᠡᠬᠦᠨ ᠳ᠋ᠤ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠡᠴᠡ 33 ᠳ᠋ᠦᠩᠰᠢᠭᠤᠷ ᠲᠦᠬᠦᠷᠢᠭ ᠤᠷᠤᠭᠤᠯᠵᠤ᠂ ᠠᠶᠢᠮᠠᠭ ᠬᠤᠲᠠ ᠬᠤᠰᠢᠭᠤ ᠰᠢᠶᠠᠨ ᠤ ᠢᠵᠢ ᠪᠦᠷᠢᠳᠦᠬᠦᠯᠬᠦ ᠪᠡᠯᠡ ᠮᠦᠩᠬᠦ ᠪᠠ ᠲᠦᠷᠦᠯ ᠵᠦᠢᠯ ᠤᠨ ᠨᠡᠶᠢᠯᠡᠭᠦᠯᠦᠭᠰᠡᠨ ᠪᠡᠯᠡ ᠮᠦᠩᠬᠦ 36.3 ᠳ᠋ᠦᠩᠰᠢᠭᠤᠷ ᠲᠦᠬᠦᠷᠢᠭ ᠲᠦ ᠬᠦᠷᠴᠦ᠂ ᠤᠯᠠᠨ ᠲᠦᠮᠡᠨ ᠤ ᠦᠪᠡᠷᠲᠡᠭᠡᠨ ᠴᠤᠭᠯᠠᠭᠤᠯᠤᠭᠰᠠᠨ ᠪᠡᠯᠡ ᠮᠦᠩᠬᠦ 20.8 ᠳ᠋ᠦᠩᠰᠢᠭᠤᠷ ᠲᠦᠬᠦᠷᠢᠭ ᠲᠦ ᠬᠦᠷᠴᠠᠢ᠂ ᠦᠯᠡᠳᠡᠭᠰᠡᠨ ᠨᠢ ᠭᠤᠤᠯᠳᠠᠭᠤ ᠠᠵᠤ ᠠᠬᠤᠢᠯᠠᠯ ᠤᠨ ᠪᠡᠯᠡ ᠤᠷᠤᠭᠤᠯᠤᠯᠲᠠ ᠪᠤᠯᠤᠨ᠎ᠠ᠃ 2013 — 2015 ᠤᠨ ᠳ᠋ᠤ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 《ᠠᠮᠢ ᠠᠬᠤᠢ ᠮᠠᠭᠤᠳᠠᠭᠰᠠᠨ ᠭᠠᠵᠠᠷ ᠤᠷᠤᠨ ᠤ ᠠᠷᠠᠳ ᠢ ᠨᠡᠬᠦᠯᠭᠡᠬᠦ ᠲᠦᠯᠦᠪᠯᠡᠭᠡ 》ᠳ᠋ᠡᠬᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠵᠢᠨ ᠱᠠᠭᠠᠷᠳᠠᠯᠭ᠎ᠠ ᠵᠢ ᠦᠨᠳᠦᠰᠦᠯᠡᠨ᠂ ᠪᠦᠬᠦ ᠤᠷᠤᠨ ᠤ ᠡᠯ᠎ᠡ ᠭᠠᠵᠠᠷ ᠤᠨ ᠬᠢᠨ ᠲᠠᠷᠢᠶᠠᠯᠠᠩ ᠮᠠᠯ ᠠᠵᠤ ᠠᠬᠤᠢ ᠰᠤᠯᠪᠢᠴᠠᠭᠰᠠᠨ ᠭᠡᠰᠡᠭ ᠤᠨ ᠠᠮᠢ ᠠᠬᠤᠢ ᠮᠠᠭᠤᠳᠠᠭᠰᠠᠨ ᠤᠷᠤᠨ ᠤ 4.6 ᠲᠦᠮᠡᠨ ᠡᠷᠦᠭᠡ᠂ 14.8 ᠲᠦᠮᠡᠨ ᠬᠦᠮᠦᠨ ᠢ ᠨᠡᠬᠦᠯᠭᠡᠭᠰᠡᠨ ᠪᠠᠢᠨ᠎ᠠ᠃ ᠰᠢᠨᠡᠭᠡᠨ ᠪᠦᠷᠢᠳᠭᠡᠯ ᠡᠴᠡ ᠦᠵᠡᠪᠡᠯ᠂ 2015 ᠤᠨ ᠤ 5 ᠰᠠᠷ᠎ᠠ ᠵᠢᠨ ᠰᠡᠬᠦᠯᠴᠢ ᠪᠤᠯᠳᠠᠯ᠎ᠠ᠂ ᠪᠦᠬᠦ ᠤᠷᠤᠨ ᠳ᠋ᠤ ᠨᠢᠭᠡᠨᠲᠡ 255.1 ᠲᠦᠮᠡᠨ ᠲᠡᠭᠰᠢ ᠲᠦᠷᠪᠡᠯᠵᠢᠨ ᠮᠸᠲ᠋ᠷ ᠤᠨ ᠠᠷᠠᠳ ᠢ ᠨᠡᠬᠦᠯᠭᠡᠬᠦ ᠤᠷᠤᠨ ᠰᠠᠭᠤᠴᠠ ᠪᠠᠶᠢᠭᠤᠯᠵᠤ ᠲᠠᠭᠤᠰᠬᠠᠨ᠂ 72.5 ᠲᠦᠮᠡᠨ ᠲᠡᠭᠰᠢ ᠲᠦᠷᠪᠡᠯᠵᠢᠨ ᠮᠸᠲ᠋ᠷ ᠤᠨ ᠲᠡᠵᠢᠭᠡᠨ ᠦᠷᠡᠵᠢᠬᠦᠯᠬᠦ ᠬᠠᠰᠢᠶ᠎ᠠ ᠰᠠᠷᠠᠪᠴᠢ ᠰᠢᠨ᠎ᠡ ᠪᠡᠷ ᠪᠠᠶᠢᠭᠤᠯᠵᠤ᠂ 4840 ᠮᠦ ᠨᠠᠷᠠᠨ ᠤ ᠭᠡᠷᠡᠯ ᠤᠨ ᠬᠦᠯᠡᠮᠵᠢ ᠪᠠ ᠰᠦᠯᠢᠶᠤᠤ ᠫᠸᠩ ᠪᠠᠶᠢᠭᠤᠯᠤᠨ᠂ ᠬᠦᠮᠦᠨ ᠮᠠᠯ ᠤᠨ ᠤᠤᠭᠤᠬᠤ ᠤᠰᠤᠨ ᠤ ᠪᠠᠷᠢᠯᠭ᠎ᠠ 1122 ᠪᠠᠶᠢᠭᠤᠯᠵᠤ᠂ ᠦᠨᠳᠦᠰᠦᠨ ᠲᠠᠷᠢᠶᠠᠨ ᠭᠠᠵᠠᠷ 13.2 ᠲᠦᠮᠡᠨ ᠮᠦ ᠨᠡᠭᠡᠭᠡᠨ ᠬᠦᠭᠵᠢᠬᠦᠯᠵᠤ ᠪᠠᠢᠭᠤᠯᠤᠨ᠂ ᠪᠦᠬᠦ ᠤᠷᠤᠨ ᠤ ᠠᠮᠢ ᠠᠬᠤᠢ ᠮᠠᠭᠤᠳᠠᠭᠰᠠᠨ ᠭᠠᠵᠠᠷ ᠤᠷᠤᠨ ᠤ ᠨᠡᠬᠦᠯᠭᠡᠭᠰᠡᠨ ᠠᠷᠠᠳ ᠢ ᠲᠡᠳᠬᠦᠨ ᠲᠡᠮᠵᠢᠬᠦ ᠢᠨᠵᠸᠨ᠋ᠸᠷᠢᠩ ᠤᠨ ᠡᠯ᠎ᠡ ᠵᠦᠢᠯ ᠤᠨ ᠠᠵᠢᠯ ᠱᠠᠳᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠤᠯᠤᠭᠰᠠᠨ ᠪᠠᠶᠢᠨ᠎ᠠ᠃                     

ᠢᠷᠡᠯᠳᠡ᠄ ᠠᠷᠠᠳ ‍ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ