ᠠᠯᠳᠠᠷᠲᠤ ᠤᠷᠲᠤ ᠶ᠋ᠢᠨ ᠳᠠᠭᠤᠴᠢᠨ ᠦᠷᠴᠠᠶᠢᠬᠤ

ᠤᠩᠰᠢᠭᠰᠠᠨ ᠤᠳᠠᠭ᠎ᠠ ᠄ 741    ᠨᠡᠶᠢᠳᠡᠯᠡᠭᠰᠡᠨ ᠴᠠᠭ ᠄ 2016-03-31

     ᠦᠷᠴᠠᠶᠢᠬᠤ᠂ ᠮᠣᠩᠭᠣᠯ ᠦᠨᠳᠦᠰᠦᠲᠡᠨ ‍ᠤ ᠠᠯᠳᠠᠷᠲᠤ ᠤᠷᠲᠤ ᠶ᠋ᠢᠨ ᠳᠠᠭᠤᠴᠢᠨ ᠂ ᠤᠯᠤᠰ ‍ᠤᠨ ᠨᠢᠭᠡᠳᠦᠭᠡᠷ ᠳᠡᠰ ‍ᠤᠨ ᠲᠣᠭᠯᠠᠭᠴᠢ ᠃ 1957 ᠣᠨ ᠳ᠋ᠤ ᠰᠢᠯᠢ ᠶ᠋ᠢᠨ ᠭᠣᠣᠯ ᠠᠶᠢᠮᠠᠭ ‍ᠤᠨ ᠰᠢᠯᠤᠭᠤᠨ ᠬᠥᠬᠡ ᠬᠣᠰᠢᠭᠤᠨ ᠳ᠋ᠤ ᠲᠥᠷᠥᠵᠡᠢ ᠃  1972 ᠣᠨ ᠳ᠋ᠤ ᠰᠢᠯᠤᠭᠤᠨ ᠬᠥᠬᠡ ᠬᠣᠰᠢᠭᠤᠨ ‍ᠤ ᠤᠯᠠᠭᠠᠨᠮᠦ᠋ᠴᠢᠷ ᠲᠤ ᠡᠯᠰᠡᠭᠳᠡᠨ ᠤᠷᠠᠯᠢᠭ ‍ᠤᠨ ᠠᠶᠠᠨ ᠢᠶᠡᠨ ᠡᠬᠢᠯᠡᠭᠦᠯᠪᠡ ᠃ ᠥᠪᠥᠷ ᠮᠣᠩᠭᠣᠯ ‍ᠤᠨ ᠤᠷᠠᠯᠢᠭ ‍ᠤᠨ ᠰᠤᠷᠭᠠᠭᠤᠯᠢ ᠳ᠋ᠤ ᠳᠠᠪᠰᠢᠨ ᠰᠤᠷᠤᠯᠴᠠᠵᠤ ᠪᠠᠶᠢᠭ᠎ᠠ ᠬᠤᠭᠤᠴᠠᠭᠠᠨ ᠳ᠋ᠤ ᠪᠠᠨ ᠠᠯᠳᠠᠷᠲᠤ ᠳᠠᠭᠤᠴᠢᠨ ᠪᠤᠶᠠᠨᠳᠡᠯᠭᠡᠷ ᠪᠠᠭᠰᠢ ᠡᠴᠠ ᠤᠷᠲᠤ ᠶ᠋ᠢᠨ ᠳᠠᠭᠤᠤ ᠶ᠋ᠢᠨ ᠮᠡᠷᠭᠡᠵᠢᠯ ᠰᠤᠷᠪᠠ ᠃ 1982 ᠣᠨ ᠳ᠋ᠤ ᠥᠪᠥᠷ ᠮᠣᠩᠭᠣᠯ ‍ᠤᠨ ᠷᠠᠳᠢᠣ᠋ ᠲᠸᠯᠸᠢᠰ ᠤᠷᠠᠯᠢᠭ ‍ᠤᠨ ᠪᠦᠯᠬᠦᠮ ᠳ᠋ᠤ ᠠᠵᠢᠯ ᠰᠢᠯᠵᠢᠪᠡ ᠃
     1989 ᠣᠨ ᠳ᠋ᠤ ᠪᠦᠬᠦ ᠤᠯᠤᠰ ‍ᠤᠨ ᠴᠥᠬᠡᠨ ᠲᠣᠭᠠᠲᠤ ᠦᠨᠳᠦᠰᠦᠲᠡᠨ ‍ᠤ ᠵᠠᠯᠠᠭᠤ ᠳᠠᠭᠤᠴᠢᠳ ‍ᠤᠨ ᠱᠠᠩᠨᠠᠯᠲᠤ ᠤᠷᠤᠯᠳᠤᠭᠠᠨ ᠳ᠋ᠤ ᠣᠷᠣᠯᠴᠠᠨ ᠰᠢᠯᠢᠳᠡᠭ ᠱᠠᠩᠨᠠᠯ ᠲᠣᠰᠪᠠ ᠃
     1993 ᠣᠨ ᠳ᠋ᠤ ᠤᠯᠠᠭᠠᠨᠪᠠᠭᠠᠲᠤᠷ ᠬᠣᠲᠠ ᠳ᠋ᠤ ᠪᠣᠯᠣᠭᠰᠠᠨ ᠠᠩᠬᠠᠳᠠᠭᠴᠢ ᠤᠳᠠᠭᠠᠨ ᠤ《 ᠣᠯᠠᠨ ᠤᠯᠤᠰ ‍ᠤᠨ ᠮᠣᠩᠭᠣᠯ ᠤᠷᠲᠤ ᠶ᠋ᠢᠨ ᠳᠠᠭᠤᠤ ᠶ᠋ᠢᠨ ᠶᠡᠬᠡ ᠤᠷᠤᠯᠳᠤᠭᠠᠨ 》ᠳ᠋ᠤ ᠠᠯᠲᠠᠨ ᠮᠸᠳᠠᠯ ᠭᠠᠷᠳᠠᠪᠠ ᠃
     ᠡᠭᠦᠨ ᠡᠴᠠ ᠭᠠᠳᠠᠨ᠎ᠠ᠂ ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 30 ᠂ 40 ᠂ 50 ᠵᠢᠯ ‍ᠤᠨ ᠣᠢ ᠶ᠋ᠢ ᠪᠡᠯᠭᠡᠯᠡᠬᠦ ᠤᠷᠠᠨ ᠰᠠᠶᠢᠬᠠᠨ ‍ᠤ ᠲᠣᠭᠯᠠᠯᠲᠠ ᠳ᠋ᠤ ᠣᠷᠣᠯᠴᠠᠭᠰᠠᠨ ‍ᠤ ᠬᠠᠮᠲᠤ ᠨᠠᠮ ᠲᠥᠷᠥ ᠶ᠋ᠢᠨ ᠤᠳᠤᠷᠢᠳᠤᠯᠭ᠎ᠠ ᠨᠠᠷ ᠲᠠᠢ ᠠᠭᠤᠯᠵᠠᠵᠤ ᠂ ᠣᠯᠠᠭᠠᠨᠬᠦᠦ ᠲᠡᠷᠢᠭᠦᠯᠡᠭᠴᠢ ᠡᠴᠠ ᠲᠡᠭᠦᠨ ᠳ᠋ᠤ《 ᠪᠢᠴᠢᠬᠠᠨ ᠪᠤᠶᠠᠨᠳᠡᠯᠭᠡᠷ 》 ᠬᠡᠮᠡᠬᠦ ᠴᠣᠯᠠ ᠣᠯᠭᠣᠵᠠᠢ ᠃                

                                  ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄