ᠤᠷᠲᠤ ᠶᠢᠨ ᠳᠠᠭᠤᠴᠢᠨ ᠨᠠᠷᠠᠨ

ᠤᠩᠰᠢᠭᠰᠠᠨ ᠤᠳᠠᠭ᠎ᠠ ᠄ 705    ᠨᠡᠶᠢᠳᠡᠯᠡᠭᠰᠡᠨ ᠴᠠᠭ ᠄ 2016-04-06

     ᠨᠠᠷᠠᠨ ᠂ ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠣᠰᠢᠭᠤ ᠪᠠᠷ ᠨᠤᠲᠤᠭ ᠲᠠᠢ ᠂ ᠤᠯᠤᠰ ‍ᠤᠨ ᠬᠣᠶᠠᠳᠤᠭᠠᠷ ᠳᠡᠰ ‍ᠤᠨ ᠲᠣᠭᠯᠠᠭᠴᠢ ᠂ ᠤᠯᠠᠭᠠᠨᠬᠠᠳᠠ ᠬᠣᠲᠠ ᠶ᠋ᠢᠨ ᠦᠨᠳᠦᠰᠦᠲᠡᠨ ‍ᠤ ᠳᠠᠭᠤᠤ ᠪᠥᠵᠢᠭ ‍ᠤᠨ ᠪᠦᠯᠬᠦᠮ ‍ᠤᠨ ᠭᠣᠴᠣᠯᠠᠯ ᠳᠠᠭᠤᠴᠢᠨ ᠃
     1980 — 1982 ᠣᠨ ᠳ᠋ᠤ ᠥᠪᠥᠷ ᠮᠣᠩᠭᠣᠯ ‍ᠤᠨ ᠤᠷᠠᠯᠢᠭ ‍ᠤᠨ ᠰᠤᠷᠭᠠᠭᠤᠯᠢ ᠳ᠋ᠤ ᠱᠠᠨᠵᠠ ᠬᠥᠭᠵᠢᠮ ‍ᠤᠨ ᠲᠤᠰᠬᠠᠢ ᠮᠡᠷᠭᠡᠵᠢᠯ ᠰᠤᠷᠴᠤ ᠂ ᠡᠨᠡ ᠬᠦ ᠬᠤᠭᠤᠴᠠᠭᠠᠨ ᠳ᠋ᠤ ᠪᠠᠨ ᠠᠯᠳᠠᠷᠲᠤ ᠳᠠᠭᠤᠴᠢᠨ ᠪᠤᠶᠠᠨᠳᠡᠯᠭᠡᠷ ᠪᠠᠭᠰᠢ ᠡᠴᠠ ᠤᠷᠲᠤ ᠶ᠋ᠢᠨ ᠳᠠᠭᠤᠤ ᠶ᠋ᠢᠨ ᠮᠡᠷᠭᠡᠵᠢᠯ ᠰᠤᠷᠪᠠ ᠃ ᠬᠤᠵᠢᠮ ᠨᠢ ᠲᠥᠪ ‍ᠤᠨ ᠦᠨᠳᠦᠰᠦᠲᠡᠨ ‍ᠤ ᠶᠡᠬᠡ ᠰᠤᠷᠭᠠᠭᠤᠯᠢ ᠶ᠋ᠢᠨ ᠤᠷᠠᠨ᠎ᠠ ᠪᠠᠭᠰᠢ ᠡᠴᠠ ᠳᠠᠭᠤᠤ ᠬᠥᠭᠵᠢᠮ ‍ᠤᠨ ᠲᠤᠰᠬᠠᠢ ᠮᠡᠷᠭᠡᠵᠢᠯ ᠬᠢᠭᠡᠳ ᠣᠨᠣᠯ ‍ᠤᠨ ᠮᠡᠳᠡᠯᠭᠡ ᠶ᠋ᠢ ᠰᠢᠰᠲ᠋ᠸᠮ ᠲᠠᠢ ᠰᠤᠷᠤᠯᠴᠠᠪᠠ ᠃
     2000 ᠣᠨ ‍ᠤ 8 ᠰᠠᠷ᠎ᠠ ᠳ᠋ᠤ ᠭᠤᠷᠪᠠᠳᠤᠭᠠᠷ ᠤᠳᠠᠭᠠᠨ ‍ᠤ《 ᠲᠠᠯ᠎ᠠ ᠨᠤᠲᠤᠭ ‍ᠤᠨ ᠠᠯᠲᠠᠨ ᠨᠠᠮᠤᠷ 》ᠳᠠᠭᠤᠤ ᠶ᠋ᠢᠨ ᠮᠦᠷᠦᠶᠢᠴᠡᠭᠡᠨ ᠳ᠋ᠤ ᠭᠤᠷᠪᠠᠳᠤᠭᠠᠷ ᠳᠡᠰ ‍ᠤᠨ ᠱᠠᠩᠨᠠᠯ ᠬᠦᠷᠲᠡᠨ ᠂ ᠮᠥᠨ ᠲᠤᠰ ᠵᠢᠯ ‍ᠤᠨ 10 ᠰᠠᠷ᠎ᠠ ᠳ᠋ᠤ ᠪᠦᠬᠦ ᠤᠯᠤᠰ ‍ᠤᠨ ᠠᠩᠬᠠᠳᠠᠭᠴᠢ ᠤᠳᠠᠭᠠᠨ ‍ᠤ ᠮᠣᠩᠭᠣᠯ ᠦᠨᠳᠦᠰᠦᠲᠡᠨ ‍ᠤ ᠤᠷᠲᠤ ᠶ᠋ᠢᠨ ᠳᠠᠭᠤᠤ ᠶ᠋ᠢᠨ ᠤᠷᠤᠯᠳᠤᠭᠠᠨ ᠳ᠋ᠤ ᠬᠣᠶᠠᠳᠤᠭᠠᠷ ᠳᠡᠰ ‍ᠤᠨ ᠱᠠᠩᠨᠠᠯ ᠬᠦᠷᠲᠡᠪᠡ ᠃
     2001 ᠣᠨ ‍ᠤ 7 ᠰᠠᠷ᠎ᠠ ᠳ᠋ᠤ ᠪᠦᠬᠦ ᠣᠷᠣᠨ ‍ᠤ ᠠᠩᠬᠠᠳᠠᠭᠴᠢ ᠤᠳᠠᠭᠠᠨ ‍ᠤ ᠮᠣᠩᠭᠣᠯ ᠤᠷᠲᠤ ᠶ᠋ᠢᠨ ᠳᠠᠭᠤᠤ ᠶ᠋ᠢᠨ ᠶᠡᠬᠡ ᠤᠷᠤᠯᠳᠤᠭᠠᠨ ᠳ᠋ᠤ ᠨᠢᠭᠡᠳᠦᠭᠡᠷ ᠳᠡᠰ ‍ᠤᠨ ᠱᠠᠩᠨᠠᠯ ᠭᠠᠷᠳᠠᠪᠠ ᠃ ᠡᠭᠦᠨ ᠡᠴᠠ ᠭᠠᠳᠠᠨ᠎ᠠ ᠤᠷᠠᠯᠢᠭ ‍ᠤᠨ ᠪᠦᠯᠬᠦᠮ ᠲᠠᠢ ᠬᠠᠮᠲᠤ ᠺᠠᠨᠠᠳᠠ ᠂ ᠣᠷᠣᠰ ᠂ ᠮᠣᠩᠭᠣᠯ ᠵᠡᠷᠭᠡ ᠤᠯᠤᠰ ᠣᠷᠣᠨ ᠢᠶᠠᠷ ᠬᠦᠷᠴᠦ ᠲᠣᠭᠯᠠᠯᠲᠠ ᠭᠠᠷᠭᠠᠪᠠ ᠃       

 

                                           ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄