ᠬᠦᠳᠡᠭᠡ ᠲᠤᠰᠬᠤᠨ ᠪᠠ ᠶᠠᠳᠠᠭᠤ ᠬᠦᠴᠢᠷᠳᠡᠯᠲᠡᠢ ᠭᠠᠵᠠᠷ ᠤᠷᠤᠨ ᠳ᠋ᠠᠬᠢ ᠡᠯᠰᠡᠬᠦ ᠬᠡᠪᠴᠢᠶ᠎ᠡ ᠪᠠᠨ ᠤᠯᠠᠮ ᠴᠢᠨᠠᠭᠰᠢᠲᠠ ᠦᠷᠭᠡᠳᠬᠡᠨ᠎ᠡ

ᠤᠩᠰᠢᠭᠰᠠᠨ ᠤᠳᠠᠭ᠎ᠠ ᠄ 846    ᠨᠡᠶᠢᠳᠡᠯᠡᠭᠰᠡᠨ ᠴᠠᠭ ᠄ 2016-04-06

      ᠣᠶᠢᠯᠠᠭᠠᠭᠰᠠᠨ ᠢᠶᠠᠷ᠂ ᠰᠤᠷᠭᠠᠨ ᠬᠦᠮᠦᠵᠢᠯ ᠤᠨ ᠶᠠᠮᠤᠨ 3 ᠰᠠᠷ᠎ᠠ ᠶ᠋ᠢᠨ  31 ᠡᠳᠦᠷ ᠮᠡᠳᠡᠭᠳᠡᠯ ᠨᠡᠶᠢᠲᠡᠯᠡᠵᠦ᠂ 2016 ᠤᠨ ᠤ ᠭᠤᠤᠯᠳᠠᠯᠭ᠎ᠠ ᠲᠠᠢ ᠶᠡᠬᠡ ᠳᠡᠭᠡᠳᠦ ᠰᠤᠷᠭᠠᠭᠤᠯᠢ ᠶ᠋ᠢᠨ ᠬᠦᠳᠡᠭᠡ ᠲᠤᠰᠬᠤᠨ ᠪᠤᠯᠤᠨ ᠶᠠᠳᠠᠭᠤ ᠬᠦᠴᠢᠷᠳᠡᠯᠲᠡᠢ ᠭᠠᠵᠠᠷ ᠤᠷᠤᠨ ᠡᠴᠠ ᠰᠤᠷᠤᠭᠴᠢ ᠡᠯᠰᠡᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠤᠯᠤᠰ ᠤᠨ ᠲᠤᠰᠬᠠᠢ ᠲᠦᠯᠦᠪᠯᠡᠭᠡ ᠪᠠᠷ ᠶᠠᠳᠠᠭᠤ ᠬᠦᠴᠢᠷᠳᠡᠯᠲᠡᠢ ᠭᠠᠵᠠᠷ ᠤᠷᠤᠨ ᠡᠴᠠ ᠬᠠᠨᠳᠤᠯᠭ᠎ᠠ ᠲᠤᠭᠳᠠᠭᠠᠨ ᠰᠤᠷᠤᠭᠴᠢ ᠡᠯᠰᠡᠬᠦ ᠲᠤᠭ᠎ᠠ ᠶ᠋ᠢ 2015 ᠤᠨ ᠤ 5 ᠲᠦᠮᠡᠨ ᠬᠦᠮᠦᠨ ᠪᠠᠶᠢᠭᠰᠠᠨ ᠡᠴᠠ 6 ᠲᠦᠮᠡᠨ ᠬᠦᠮᠦᠨ ᠪᠤᠯᠭᠠᠨ ᠨᠡᠮᠡᠭᠳᠡᠬᠦᠯᠤᠨ᠎ᠠ ᠬᠡᠵᠥ ᠳᠤᠲᠤᠷᠬᠠᠢᠯᠠᠪᠠ᠃
    《 ᠮᠡᠳᠡᠭᠳᠡᠯ 》ᠳ᠋ᠤ ᠤᠯᠤᠰ ᠤᠨ ᠲᠤᠰᠬᠠᠢ ᠲᠦᠯᠦᠪᠯᠡᠭᠡ ᠪᠠᠷ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠷᠤᠭᠴᠢ ᠶ᠋ᠢ ᠬᠠᠨᠳᠤᠯᠭ᠎ᠠ ᠲᠤᠭᠳᠠᠭᠠᠨ ᠡᠯᠰᠡᠵᠥ᠂ 2016 ᠤᠨ ᠳ᠋ᠤ 6 ᠲᠦᠮᠡᠨ ᠰᠤᠷᠤᠭᠴᠢ ᠡᠯᠰᠡᠬᠦ ᠪᠠᠷ ᠳᠤᠬᠢᠷᠠᠭᠤᠯᠵᠤ᠂ 2015 ᠤᠨ ᠤ ᠬᠢ ᠡᠴᠠ 1 ᠲᠦᠮᠡᠨ ᠰᠤᠷᠤᠭᠴᠢ ᠢᠯᠡᠭᠦᠦ ᠡᠯᠰᠡᠨ᠎ᠡ᠃ ᠤᠷᠤᠨ ᠨᠤᠲᠤᠭ ᠤᠨ ᠲᠤᠰᠬᠠᠢ ᠲᠦᠯᠦᠪᠯᠡᠭᠡ ᠪᠠᠷ ᠡᠯ᠎ᠡ ᠮᠤᠵᠢ ᠶ᠋ᠢᠨ ᠬᠠᠷᠢᠶ᠎ᠠ ᠭᠤᠤᠯᠳᠠᠯᠭ᠎ᠠ ᠲᠠᠢ ᠶᠡᠬᠡ ᠳᠡᠭᠡᠳᠦ ᠰᠤᠷᠭᠠᠭᠤᠯᠢ ᠶ᠋ᠢᠨ ᠵᠢᠩᠬᠢᠨᠢ ᠠᠩᠭᠢ ᠶ᠋ᠢᠨ ᠨᠢᠭᠡᠳᠦᠭᠡᠷ ᠪᠦᠯᠦᠭ ᠤᠨ ᠡᠯᠰᠡᠬᠦ ᠰᠤᠷᠤᠭᠴᠢ ᠶ᠋ᠢᠨ ᠲᠤᠭ᠎ᠠ ᠶ᠋ᠢᠨ 3% ᠡᠴᠠ ᠪᠠᠭ᠎ᠠ ᠪᠠᠢᠯᠭᠠᠵᠤ ᠪᠤᠯᠬᠤ ᠦᠭᠡᠢ᠃ ᠭᠤᠤᠯᠳᠠᠭᠤ ᠠᠯᠤᠰ ᠪᠤᠢᠳᠠ᠂ ᠶᠠᠳᠠᠭᠤ ᠬᠦᠴᠢᠷᠳᠡᠯᠲᠡᠢ᠂ ᠦᠨᠳᠦᠰᠦᠲᠡᠨ ᠤ ᠭᠠᠵᠠᠷ ᠤᠷᠤᠨ ᠤ ᠰᠢᠶᠠᠨ ᠡᠴᠠ ᠳᠤᠷᠤᠭᠰᠢᠬᠢ ᠬᠦᠳᠡᠭᠡ ᠲᠤᠰᠬᠤᠨ ᠤ ᠰᠤᠷᠤᠭᠴᠢ ᠶ᠋ᠢ ᠡᠯᠰᠡᠵᠦ᠂ ᠰᠤᠷᠭᠠᠨ ᠬᠦᠮᠦᠵᠢᠯ ᠤᠨ ᠶᠠᠮᠤᠨ ᠤ ᠰᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ ᠪᠠ ᠪᠤᠰᠤᠳ ᠪᠡᠶ᠎ᠡ ᠪᠠᠨ ᠲᠠᠭᠠᠭᠠᠵᠥ ᠰᠤᠷᠤᠭᠴᠢ ᠡᠯᠰᠡᠳᠡᠭ ᠲᠤᠷᠰᠢᠯᠲᠡ ᠶ᠋ᠢᠨ ᠴᠢᠭ ᠤᠨ ᠶᠡᠬᠡ ᠳᠡᠭᠡᠳᠦ ᠰᠤᠷᠭᠠᠭᠤᠯᠢ ᠵᠢᠩᠬᠢᠨᠢ ᠠᠩᠭᠢ ᠶ᠋ᠢᠨ ᠰᠤᠷᠤᠭᠴᠢ ᠡᠯᠰᠡᠬᠦ ᠬᠡᠪᠴᠢᠶᠡᠨ ᠤ 2% ᠡᠴᠠ ᠲᠤᠤᠷ᠎ᠡ ᠦᠭᠡᠢ ᠪᠠᠷ ᠲᠤᠬᠢᠷᠠᠭᠤᠯᠬᠤ ᠬᠡᠷᠡᠭᠳᠡᠢ ᠬᠡᠪᠡ᠃ 
                      

ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ