ᠤᠷᠲᠤ ᠶᠢᠨ ᠳᠠᠭᠤᠴᠢᠨ ᠣᠶᠤᠨ

ᠤᠩᠰᠢᠭᠰᠠᠨ ᠤᠳᠠᠭ᠎ᠠ ᠄ 811    ᠨᠡᠶᠢᠳᠡᠯᠡᠭᠰᠡᠨ ᠴᠠᠭ ᠄ 2016-04-07

     ᠣᠶᠤᠨ ᠂ ᠲᠦᠩᠯᠢᠶᠣᠣ ᠬᠣᠳᠠ ᠶ᠋ᠢᠨ ᠵᠠᠷᠤᠳ ᠬᠣᠰᠢᠭᠣᠨ ‍ᠳᠣ  ᠨᠤᠲᠤᠭ ᠲᠠᠢ ᠃ ᠤᠯᠤᠰ ᠤᠨ ᠬᠣᠶᠠᠳᠤᠭᠠᠷ ᠳᠡᠰ ᠦᠨ ᠵᠦᠴᠦᠭᠡᠴᠢᠨ ᠂ ᠦᠪᠦᠷ ᠮᠣᠩᠭᠤᠯ ᠤᠨ ᠦᠨᠳ᠋ᠦᠰᠦᠲᠡᠨ ᠦ ᠤᠷᠠᠯᠢᠭ ᠤᠨ ᠬᠦᠷᠢᠶᠡᠯᠡᠩ ᠦᠨ ᠮᠣᠩᠭᠤᠯ ᠦᠨᠳ᠋ᠦᠰᠦᠲᠡᠨ ᠦ ᠨᠠᠶ᠋ᠢᠷᠠᠯ ᠳᠠᠭᠤᠤ ᠶ᠋ᠢᠨ ᠪᠦᠯᠬᠦᠮ ᠦᠨ ᠲᠣᠭᠯᠠᠭᠴᠢ ᠂ ᠤᠷᠳᠤ ᠶ᠋ᠢᠨ ᠳᠠᠭᠤᠴᠢᠨ ᠃ 1995 ᠣᠨ ‍ᠳᠣ ᠦᠪᠦᠷ ᠮᠣᠩᠭᠣᠯ ᠤᠨ ᠣᠷᠠᠯᠢᠭ ᠤᠨ ᠳᠡᠭᠡᠳᠣ ᠰᠣᠷᠭᠠᠭᠣᠯᠢ ᠡᠴᠡ ᠲᠡᠭᠦᠰᠴᠦ ᠂ ᠦᠪᠦᠷ ᠮᠣᠩᠭᠤᠯ ᠤᠨ ᠦᠨᠳ᠋ᠦᠰᠦᠲᠡᠨ ᠦ ᠤᠷᠠᠯᠢᠭ ᠤᠨ ᠬᠦᠷᠢᠶᠡᠯᠡᠩ ‍ᠳᠣ ᠠᠵᠢᠯ ᠤᠨ ᠭᠠᠷᠣᠭ᠎ᠠ ᠪᠠᠨ ᠠᠪᠣᠪᠠ ᠃ 
     1995 — 1997 ᠣᠨ ‍ᠳᠣ ᠦᠪᠦᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠳᠣᠮᠢᠯᠠᠯᠲᠠ ᠪᠡᠷ ᠳᠣᠮᠳᠠᠳᠣ ᠣᠯᠣᠰ ᠤᠨ ᠳᠠᠭᠣᠤ ᠬᠦᠭᠵᠢᠮᠣᠨ ᠳᠡᠭᠡᠳᠣ ᠰᠣᠷᠭᠠᠭᠣᠯᠢ ᠶ᠋ᠢᠨ ᠦᠨᠳ᠋ᠦᠰᠦᠲᠡᠨ ᠤ ᠠᠩᠭᠢ ‍ᠳᠣ ᠬᠦᠷᠴᠦ ᠰᠤᠷᠤᠯᠴᠠᠪᠠ ᠃
     2000 ᠣᠨ ‍ᠳᠣ ᠪᠦᠬᠦ ᠣᠯᠣᠰ ᠤᠨ ᠠᠩᠬᠠᠳᠣᠭᠠᠷ ᠬᠣᠭᠣᠴᠠᠭᠠᠨ ᠤ ᠣᠷᠳᠣ ᠶ᠋ᠢᠨ ᠳᠠᠭᠣᠤ  ᠶ᠋ᠢᠨ ᠣᠷᠣᠯᠳᠣᠭᠠᠨ ‍ᠳᠣ ᠭᠣᠷᠪᠠᠳᠣᠭᠠᠷ ᠳᠡᠰ ᠤᠨ ᠱᠠᠩᠨᠠᠯ ᠬᠦᠷᠲᠡᠪᠡ ᠃ 
     2008 ᠣᠨ ‍ᠳᠣ 13 ᠳ᠋ᠣᠭᠠᠷ ᠬᠣᠭᠣᠴᠠᠭᠠᠨ ᠤ CCTV ᠪᠦᠬᠦ ᠣᠯᠣᠰ ᠤᠨ ᠵᠠᠯᠠᠭᠤ ᠳᠠᠭᠤᠴᠢᠳ ᠤᠨ ᠲᠸᠯᠸᠢᠰ ᠱᠠᠩᠨᠠᠯᠲᠤ ᠳᠠᠭᠣᠤ  ᠶ᠋ᠢᠨ ᠣᠷᠣᠯᠳᠣᠭᠠᠨ ‍ᠳᠣ ᠲᠡᠭᠦᠨ ‍ᠤ ᠳᠠᠭᠠᠭᠤᠯᠤᠨ ᠳᠠᠭᠤᠯᠠᠭᠰᠠᠨ ᠨᠠᠶᠢᠷᠠᠯ ᠳᠠᠭᠤᠤ《 ᠦᠨᠦᠴᠢᠨ ᠴᠠᠭᠠᠨ ᠪᠣᠳᠣᠭᠣ 》ᠳᠠᠭᠣᠤ ᠨᠢ ᠭᠣᠷᠪᠠᠳᠣᠭᠠᠷ ᠳᠡᠰ ᠤᠨ ᠱᠠᠩᠨᠠᠯ  ᠬᠦᠷᠲᠡᠪᠡ ᠃ ᠮᠥᠨ ᠳᠣᠰ ᠵᠢᠯ ᠤᠨ 6 ᠰᠠᠷ᠎ᠠ ‍ᠳᠣ ᠣᠯᠣᠰ ᠤᠨ ᠰᠣᠶᠣᠯ ᠤᠨ ᠶᠠᠮᠣᠨ ‍ᠢ ᠲᠦᠯᠦᠭᠡᠯᠡᠨ ᠢᠲ᠋ᠠᠯᠢ ᠤᠯᠤᠰ ᠲᠤ ᠬᠦᠷᠴᠦ ᠳᠣᠭᠯᠠᠯᠲᠠ ᠭᠠᠷᠭᠠᠨ ᠂ ᠭᠠᠳᠠᠭᠠᠳᠣ ᠶ᠋ᠢᠨ ᠦᠵᠡᠭᠴᠢᠳ ᠦᠨ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ ᠃


                                       

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ