ᠮᠤᠩᠭᠤᠯ ᠵᠠᠯᠠᠭᠤᠰ ᠬᠦᠳᠡᠭᠡ ᠳ᠋ᠡᠭᠡᠨ ᠪᠤᠴᠠᠨ᠎ᠠ ‍ᠤᠤ᠂ ᠬᠤᠲᠠ ᠳ᠋ᠤ ᠦᠯᠡᠳᠡᠬᠦ ‍ᠤᠤ

ᠤᠩᠰᠢᠭᠰᠠᠨ ᠤᠳᠠᠭ᠎ᠠ ᠄ 798    ᠨᠡᠶᠢᠳᠡᠯᠡᠭᠰᠡᠨ ᠴᠠᠭ ᠄ 2016-07-13

     ᠰᠠᠶ᠋ᠢᠬᠠᠨ ᠤᠯᠤᠰ ᠤᠨ ᠰᠢᠯᠭᠠᠯᠲᠠ ᠦᠩᠭᠡᠷᠡᠵᠦ᠂ ᠪᠠᠰᠠ ᠨᠢᠭᠡ ᠪᠦᠯᠦᠭ ᠰᠤᠷᠤᠭᠴᠢᠳ ᠶᠡᠬᠡ ᠰᠤᠷᠭᠠᠭᠤᠯᠢ ᠶ᠋ᠢᠨ ᠪᠤᠱᠤᠭ᠎ᠠ ᠶ᠋ᠢ ᠠᠯᠬᠤᠵᠤ᠂ ᠤᠶᠤᠲᠠᠨ ᠤ ᠠᠮᠢᠳᠤᠷᠠᠯ ᠢ ᠦᠩᠭᠡᠷᠡᠭᠡᠬᠦ ᠪᠠᠷ ᠬᠦᠰᠡᠨ ᠬᠦᠯᠢᠶᠡᠵᠦ ᠰᠠᠭᠤᠨ᠎ᠠ᠃ ᠶᠠᠷᠢᠶᠠᠨ ᠦᠭᠡᠢ᠂ ᠲᠡᠳᠡᠨ ᠤ ᠳᠤᠮᠳᠠᠬᠢ ᠴᠦᠬᠡᠩᠬᠢ ᠨᠢ ᠶᠡᠬᠡ ᠰᠤᠷᠭᠠᠭᠤᠯᠢ ᠳ᠋ᠤ ᠡᠯᠰᠡᠭᠳᠡᠵᠦ ᠳᠡᠶᠢᠯᠬᠦ ᠦᠭᠡᠢ ᠪᠠᠷ ᠦᠨᠳᠦᠷ ᠳᠤᠮᠳᠠᠳᠤ ᠳᠠᠭᠠᠨ ᠦᠯᠡᠳᠡᠨ ᠲᠠᠪᠲᠠᠬᠤ ᠪᠤᠶᠤ ᠬᠦᠳᠡᠭᠡ ᠨᠤᠲᠤᠭ ᠲᠠᠭᠠᠨ ᠪᠤᠴᠠᠨ ᠬᠠᠷᠢᠬᠤ ᠴᠤ ᠪᠤᠢ᠃ ᠤᠯᠤᠰ ᠤᠨ ᠰᠢᠯᠭᠠᠯᠲᠠ ᠶ᠋ᠢᠨ ᠬᠤᠪᠢ ᠭᠠᠷᠴᠤ᠂ ᠡᠷᠡᠮᠡᠯᠵᠡᠯ ᠲᠠᠭᠯᠠᠬᠤ ᠡᠴᠠ ᠡᠮᠦᠨᠡᠬᠢ ᠡᠨᠡᠬᠦ ᠬᠤᠭᠤᠴᠠᠭᠠᠨ ᠳ᠋ᠤ ᠨᠡᠶᠢᠭᠡᠮ ᠤᠨ ᠶᠠᠷᠢᠶ᠎ᠠ ᠬᠡᠯᠡᠯᠴᠡᠭᠡ ᠮᠤᠩᠭᠤᠯ ᠵᠠᠯᠠᠭᠤᠰ ᠤᠨ ᠬᠦᠳᠡᠭᠡ ᠬᠤᠲᠠ ᠶ᠋ᠢᠨ ᠠᠯᠢ ᠶ᠋ᠢ ᠨᠢ ᠰᠤᠩᠭᠤᠬᠤ ᠠᠰᠠᠭᠤᠳᠠᠯ ᠤᠨ ᠲᠤᠭᠤᠷᠢᠨ ᠳ᠋ᠤ ᠶᠠᠷᠢᠭᠳᠠᠵᠤ ᠡᠬᠢᠯᠡᠭᠰᠡᠨ ᠨᠢ ᠬᠠᠶᠠ ᠰᠤᠨᠤᠰᠳᠠᠨ᠎ᠠ᠃ ᠬᠤᠲᠠ ᠬᠦᠳᠡᠭᠡ ᠶ᠋ᠢᠨ ᠠᠯᠢ ᠶ᠋ᠢ ᠨᠢ ᠰᠤᠩᠭᠤᠬᠤ ᠨᠢ ᠤᠯᠤᠰ ᠤᠨ ᠰᠢᠯᠭᠠᠯᠲᠠ ᠳ᠋ᠤ ᠤᠷᠤᠯᠴᠠᠭᠰᠠᠨ ᠦᠨᠳᠦᠷ ᠳᠤᠮᠳᠠᠳᠤ ᠶ᠋ᠢᠨ ᠰᠤᠷᠤᠭᠴᠢᠳ ᠯᠡ ᠪᠢᠰᠢ᠂ ᠶᠡᠬᠡ ᠰᠤᠷᠭᠠᠭᠤᠯᠢ ᠳ᠋ᠤ ᠰᠤᠷᠤᠯᠴᠠᠵᠤ  ᠪᠠᠶᠢᠭ᠎ᠠ ᠤᠶᠤᠲᠠᠳ᠂ ᠲᠡᠭᠦᠰᠦᠭᠡᠳ ᠠᠵᠢᠯ ᠬᠠᠶᠢᠵᠤ ᠪᠠᠶᠢᠭ᠎ᠠ ᠵᠠᠯᠠᠭᠤᠰ ᠁ ᠭᠡᠳ ᠤᠯᠠᠨ ᠬᠦᠮᠦᠰ ᠲᠤ ᠬᠤᠯᠪᠤᠭᠳᠠᠬᠤ ᠠᠰᠠᠭᠤᠳᠠᠯ ᠪᠤᠯᠬᠤ ᠶᠤᠮ᠃        

                    ᠵᠠᠯᠠᠭᠤᠰ ᠤᠨ ᠪᠤᠳᠤᠯ ᠳ᠋ᠠᠬᠢ ᠭᠡᠭᠡᠨ ᠠᠯᠤᠰ ᠪᠤᠶᠤ ᠶᠡᠬᠡ ᠰᠤᠷᠭᠠᠭᠤᠯᠢ        

     ᠶᠡᠬᠡ ᠰᠤᠷᠭᠠᠭᠤᠯᠢ ᠪᠤᠶᠤ ᠤᠶᠤᠲᠠᠨ ᠤ ᠠᠮᠢᠳᠤᠷᠠᠯ ᠭᠡᠳᠡᠭ ᠵᠠᠯᠠᠭᠤ ᠨᠠᠰᠤᠨ ᠤ ᠨᠢᠭᠡᠨ ᠬᠡᠷᠡᠯᠲᠦ ᠦᠷᠲᠡᠭᠡ ᠬᠡᠴᠢᠨᠡᠨ ᠤᠯᠠᠨ ᠵᠠᠯᠠᠭᠤᠴᠤᠳ ᠤᠨ ᠬᠦᠰᠡᠯ ᠮᠦᠷᠦᠭᠡᠳᠦᠯ ᠪᠤᠯᠵᠤ᠂ ᠪᠠᠰᠠ ᠬᠡᠴᠢᠨᠡᠨ ᠤᠯᠠᠨ  ᠵᠠᠯᠠᠭᠤᠴᠤᠳ ᠢ ᠡᠯᠢᠭᠡᠨ ᠳ᠋ᠡᠭᠡᠨ ᠪᠠᠭᠲᠠᠭᠠᠨ ᠬᠦᠮᠦᠵᠢᠬᠦᠯᠵᠦ᠂ ᠨᠡᠶᠢᠭᠡᠮ ᠤᠨ ᠶᠡᠬᠡ ᠳᠠᠯᠠᠢ ᠳ᠋ᠤ ᠤᠷᠤᠰᠬᠠᠯ  ᠨᠡᠶᠢᠯᠡᠭᠦᠯᠦᠭᠰᠡᠨ ᠢ ᠲᠤᠭᠠᠯᠠᠬᠤᠶ᠎ᠠ ᠪᠡᠷᠬᠡ᠃ 《 ᠪᠠᠶᠢᠷᠢ ᠳᠠᠭᠠᠨ ᠪᠢᠳᠡ ᠬᠤᠭᠤᠷᠤᠨᠳᠤ ᠪᠠᠨ ᠡᠬᠡ ᠰᠤᠷᠭᠠᠭᠤᠯᠢ ᠳ᠋ᠤ ᠤᠴᠢᠪᠠᠯ ᠠᠮᠠᠷᠠᠨ᠎ᠠ᠂ ᠲᠡᠨᠳᠡ ᠶᠠᠭᠤ ᠬᠢᠶ᠎ᠡ ᠭᠡᠵᠦ ᠪᠤᠳᠤᠪᠠᠯ ᠶᠠᠭᠤ ᠪᠠᠨ ᠬᠢᠵᠦ᠂ ᠴᠢᠯᠦᠭᠡᠲᠡᠢ ᠰᠠᠶᠢᠬᠠᠨ ᠪᠠᠶᠢᠬᠤ ᠪᠤᠯᠤᠨ᠎ᠠ ᠭᠡᠵᠦ ᠶᠠᠷᠢᠯᠴᠠᠳᠠᠭ᠃ ᠮᠠᠨ ᠤ ᠪᠤᠳᠤᠯ ᠳ᠋ᠠᠬᠢ ᠶᠡᠬᠡ ᠰᠤᠷᠭᠠᠭᠤᠯᠢ ᠪᠤᠯ ᠮᠠᠰᠢ ᠴᠢᠯᠦᠭᠡᠲᠡᠢ ᠶᠤᠮ 》 ᠭᠡᠵᠦ ᠤᠯᠠᠭᠠᠨᠬᠠᠳᠠ ᠬᠤᠲᠠ ᠶ᠋ᠢᠨ ᠠᠷᠤ ᠬᠤᠷᠴᠢᠨ ᠬᠤᠰᠢᠭᠤᠨ ᠤ ᠴᠢᠪᠠᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠡᠴᠠ ᠡᠨᠡ ᠵᠢᠯ ᠤᠨ ᠤᠯᠤᠰ ᠤᠨ ᠰᠢᠯᠭᠠᠯᠲᠠ ᠳ᠋ᠤ ᠰᠢᠯᠭᠠᠭᠤᠯᠤᠭᠰᠠᠨ ᠠᠭᠤᠳᠠᠮ ᠬᠡᠯᠡᠨ᠎ᠡ᠃ ᠲᠡᠷᠡ ᠪᠠᠷ ᠨᠡᠶᠢᠭᠡᠮ ᠤᠨ ᠰᠢᠨᠵᠢᠯᠡᠬᠦ ᠤᠬᠠᠭᠠᠨ ᠤ ᠠᠩᠬᠢ ᠳ᠋ᠤ ᠰᠤᠷᠴᠤ᠂ ᠨᠡᠯᠢᠶᠡᠳ ᠵᠦᠭᠡᠷ ᠰᠢᠯᠭᠠᠭᠰᠠᠨ ᠴᠤ ᠰᠢᠯᠭᠠᠯᠲᠠ ᠶ᠋ᠢᠨ ᠳ᠋ᠦᠩ ᠭᠠᠷᠬᠤ ᠪᠠᠨ ᠬᠦᠯᠢᠶᠡᠭᠡᠳ ᠰᠠᠭᠤᠵᠤ ᠪᠠᠶᠢᠭ᠎ᠠ ᠠᠵᠢ᠃ 《ᠶᠡᠭᠡ ᠰᠣᠷᠭᠠᠭᠤᠯᠢ ᠪᠣᠯ ᠯᠠᠪᠲᠠᠢ ᠬᠤᠪᠢ ᠬᠦᠮᠦᠨ ᠤ ᠡᠷᠬᠡ ᠴᠢᠯᠦᠭᠡ ᠶ᠋ᠢ ᠮᠠᠰᠢ ᠬᠦᠨᠳᠦᠳᠭᠡᠳᠡᠭ᠂ ᠲᠡᠭᠡᠪᠡᠯ ᠪᠢ ᠦᠪᠡᠷ ᠤᠨ ᠳᠣᠷ᠎ᠠ ᠪᠠᠬ᠎ᠠ ᠲᠠᠢ ᠵᠦᠢᠯ ᠳ᠋ᠡᠭᠡᠨ ᠰᠡᠳᠭᠢᠯ ᠲᠦᠪᠯᠡᠷᠡᠭᠦᠯᠵᠦ ᠴᠢᠳᠠᠨ᠎ᠠ᠂ ᠪᠠᠶᠢᠭᠠᠯᠢ ᠶ᠋ᠢᠨ ᠰᠢᠨᠵᠢᠯᠡᠬᠦ ᠣᠬᠠᠭᠠᠨ᠂ ᠲᠣᠭᠠᠨ ᠤ ᠣᠬᠠᠭᠠᠨ ᠵᠡᠷᠭᠡ ᠨᠢ ᠬᠠᠮᠤᠭ ᠡᠴᠠ ᠮᠢᠨᠤ ᠪᠠᠬ᠎ᠠ ᠶ᠋ᠢ ᠲᠠᠲᠠᠳᠠᠭ 》 ᠭᠡᠭᠰᠡᠭᠡᠷ ᠴᠢᠷᠠᠢ ᠳ᠋ᠤᠨᠢ ᠪᠠᠶᠠᠷ ᠤᠨ ᠮᠦᠰᠢᠶᠡᠳᠤ ᠲᠣᠳᠤᠷᠠᠬᠤ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ ᠶ᠋ᠢᠨ ᠰᠢᠤᠸᠠᠢ ᠹᠧᠩ ᠴᠤ ᠡᠨᠡ ᠵᠢᠯ ᠤᠨ ᠤᠯᠤᠰ ᠤᠨ ᠰᠢᠯᠭᠠᠯᠲᠠ ᠳ᠋ᠤ ᠤᠷᠤᠯᠴᠠᠭᠠᠳ᠂ ᠶᠡᠬᠡ ᠰᠤᠷᠭᠠᠭᠤᠯᠢ ᠶ᠋ᠢᠨ ᠲᠤᠬᠠᠢ ᠰᠠᠶᠢᠬᠠᠨ ᠬᠦᠰᠡᠯᠡᠩ ᠡᠪᠦᠷᠲᠦᠯᠡᠭᠡᠳ ᠰᠠᠭᠤᠵᠤ ᠪᠠᠢᠭ᠎ᠠ ᠰᠤᠷᠤᠭᠴᠢ ᠠᠵᠢ᠃ ᠲᠡᠳᠡᠨ ᠲᠠᠢ ᠶᠡᠬᠡ ᠲᠦᠯᠦᠪ ᠠᠳᠠᠯᠢ ᠪᠤᠳᠤᠯ ᠲᠠᠢ᠂ ᠶᠡᠬᠡ ᠰᠤᠷᠭᠠᠭᠤᠯᠢ ᠶ᠋ᠢ ᠢᠷᠡᠭᠡᠳᠦᠢ ᠶ᠋ᠢᠨ ᠢᠶᠡᠨ ᠵᠠᠪᠠᠯ ᠦᠩᠭᠡᠷᠡᠭᠡᠬᠦ ᠦᠷᠲᠡᠭᠡ ᠪᠤᠯᠭᠠᠨ ᠬᠦᠰᠡᠨ ᠬᠦᠯᠢᠶᠡᠳᠡᠭ ᠵᠠᠯᠠᠭᠤᠰ ᠦᠨᠳᠦᠷ ᠳᠤᠮᠳᠠᠳᠤ ᠶ᠋ᠢᠨ ᠰᠤᠷᠤᠭᠴᠢᠳ ᠤᠨ ᠶᠡᠬᠡᠩᠬᠢ ᠲᠤᠭ᠎ᠠ ᠶ᠋ᠢ ᠡᠵᠡᠯᠡᠳᠡᠭ ᠪᠠᠶᠢᠨ᠎ᠠ᠃ ᠲᠡᠳᠡᠨᠡᠷ ᠴᠤ ᠬᠦᠰᠡᠭᠰᠡᠨ ᠢᠶᠠᠷ ᠢᠶᠡᠨ ᠶᠡᠬᠡ ᠰᠤᠷᠭᠠᠭᠤᠯᠢ ᠶ᠋ᠢᠨ ᠠᠯᠲᠠᠨ ᠪᠤᠱᠤᠭ᠎ᠠ ᠶ᠋ᠢ ᠤᠯᠠᠩᠬᠢ ᠨᠢ ᠰᠠᠭᠠᠳ ᠦᠭᠡᠢ ᠠᠯᠬᠤᠨ ᠤᠷᠤᠳᠠᠭ ᠢ ᠣᠶᠢᠷ᠎ᠠ ᠶ᠋ᠢᠨ ᠵᠢᠯ ᠤᠨ ᠦᠨᠳᠦᠷ ᠳᠤᠮᠳᠠᠳᠤ ᠡᠴᠠ ᠶᠡᠬᠡ ᠰᠤᠷᠭᠠᠭᠤᠯᠢ ᠳ᠋ᠤ ᠳᠠᠪᠰᠢᠭᠰᠠᠨ ᠰᠤᠷᠤᠭᠴᠢᠳ ᠤᠨ ᠲᠤᠭ᠎ᠠ ᠭᠡᠷᠡᠴᠢᠯᠡᠬᠦ ᠶᠤᠮ᠃      

     ᠣᠶᠢᠷ᠎ᠠ ᠶ᠋ᠢᠨ ᠵᠢᠯ ᠤᠨ ᠶᠡᠬᠡ ᠳᠡᠬᠡᠳᠤ ᠰᠤᠷᠭᠠᠭᠤᠯᠢ ᠳ᠋ᠤ ᠳᠠᠪᠰᠢᠭᠰᠠᠨ ᠰᠤᠷᠤᠭᠴᠢ ᠶ᠋ᠢᠨ ᠲᠤᠭ᠎ᠠ ᠵᠢᠯ ᠡᠴᠠ ᠵᠢᠯ ᠳ᠋ᠤ ᠨᠡᠮᠡᠭᠳᠡᠵᠦ ᠪᠠᠶᠢᠭ᠎ᠠ ᠪᠦᠭᠡᠳ ᠡᠯᠰᠡᠭᠳᠡᠭᠰᠡᠨ ᠨᠤᠷᠮ᠎ᠠ ᠶᠡᠷᠦᠩᠬᠡᠢ ᠳ᠋ᠡᠭᠡᠨ 85% ᠡᠴᠠ ᠳᠡᠭᠡᠭᠰᠢ ᠪᠠᠶᠢᠬᠤ ᠶ᠋ᠢ ᠤᠯᠵᠤ ᠬᠠᠷᠠᠵᠤ ᠪᠤᠯᠤᠨ᠎ᠠ᠃ ᠲᠡᠶᠢᠮᠦ ᠡᠴᠠ ᠦᠨᠳᠦᠷ ᠳᠤᠮᠳᠠᠳᠤ ᠶ᠋ᠢᠨ ᠰᠤᠷᠤᠭᠴᠢ ᠶᠡᠬᠡ ᠳᠡᠬᠡᠳᠤ ᠰᠤᠷᠭᠠᠭᠤᠯᠢ ᠳ᠋ᠤ ᠳᠡᠪᠰᠢᠬᠦ ᠨᠢ ᠳᠡᠮᠡᠢ ᠬᠦᠴᠢᠷ ᠶᠠᠪᠤᠳᠠᠯ ᠪᠢᠰᠢ ᠪᠤᠯᠵᠠᠢ᠃ 《 ᠦᠨᠳᠦᠷ ᠳᠤᠮᠳᠠᠳᠤ ᠳ᠋ᠤ ᠪᠠᠶᠢᠬᠤ ᠦᠶ᠎ᠡ ᠳ᠋ᠤ ᠪᠠᠭᠰᠢᠨᠠᠷ ᠦᠷᠭᠦᠯᠵᠢ᠄ ︿ ᠲᠠᠨᠠᠷ ᠶᠡᠬᠡ ᠰᠤᠷᠭᠠᠭᠤᠯᠢ ᠳ᠋ᠤ ᠤᠷᠤᠭᠰᠠᠨ ᠤ ᠪᠠᠨ ᠳᠠᠷᠠᠭ᠎ᠠ ᠳᠤᠷ᠎ᠠ ᠪᠠᠷ ᠢᠶᠡᠨ ᠠᠭᠠᠰᠢᠯᠠᠬᠤ ᠪᠠᠨ ᠮᠡᠳᠡ᠂ ᠲᠡᠷᠡ ᠦᠶ᠎ᠡ ᠳ᠋ᠤ ᠬᠡᠨ ᠴᠤ ᠴᠢᠮᠠᠢ ᠬᠠᠮᠢᠶᠠᠷᠬᠤ ᠦᠭᠡᠢ ﹀ ᠭᠡᠵᠦ ᠬᠡᠯᠡᠳᠡᠭ ᠪᠠᠶᠢᠯ᠎ᠠ᠃ ᠲᠡᠶᠢᠮᠦ ᠡᠴᠠ ᠲᠤᠬᠠᠢ ᠶ᠋ᠢᠨ ᠦᠶ᠎ᠡ ᠳ᠋ᠤ ᠮᠠᠨᠤᠰ ᠶᠡᠬᠡ ᠰᠤᠷᠭᠠᠭᠤᠯᠢ ᠶ᠋ᠢ ᠮᠠᠰᠢ ᠴᠢᠯᠦᠭᠡᠲᠡᠢ᠂ ᠦᠪᠡᠷ ᠤᠨ ᠰᠠᠨᠠᠭ᠎ᠠ ᠪᠠᠷ ᠢᠶᠡᠨ ᠶᠠᠪᠤᠵᠤ ᠪᠤᠯᠳᠠᠭ ᠭᠠᠵᠠᠷ ᠶᠤᠮ ᠪᠠᠶᠢᠨ᠎ᠠ ᠭᠡᠵᠦ ᠪᠤᠳᠤᠨ᠂ ᠶᠡᠬᠡ ᠯᠡ ᠬᠦᠰᠡᠨ ᠬᠦᠯᠢᠶᠡᠳᠡᠭ ᠪᠠᠢᠭᠰᠠᠨ ᠶᠤᠮ᠃ ᠭᠡᠲᠡᠯ᠎ᠡ ᠬᠦᠷᠦᠭᠡᠳ ᠢᠷᠡᠬᠦ ᠳ᠋ᠤ ᠦᠨᠡᠨᠳᠡᠭᠡᠨ ᠲᠡᠶᠢᠮᠦ ᠪᠢᠰᠢ᠂ ᠶᠡᠬᠡ ᠰᠤᠷᠭᠠᠭᠤᠯᠢ ᠳ᠋ᠤ ᠢᠷᠡᠴᠢᠬᠡᠭᠰᠡᠨ ᠴᠤ ᠴᠢᠷᠮᠠᠶᠢᠨ ᠰᠤᠷᠤᠯᠴᠠᠵᠤ᠂ ᠪᠤᠰᠤᠳ ᠡᠴᠠ ᠬᠤᠴᠤᠷᠬᠤ ᠦᠭᠡᠢ ᠪᠠᠶᠢᠬᠤ ᠶ᠋ᠢ ᠪᠤᠳᠤᠬᠤ ᠬᠡᠷᠡᠭᠲᠡᠢ᠃ ᠦᠨᠳᠦᠷ ᠳᠤᠮᠳᠠᠳᠤ ᠡᠴᠠ ᠠᠳᠠᠯᠢ ᠦᠭᠡᠢ ᠲᠠᠯ᠎ᠠ ᠨᠢ ᠭᠡᠪᠡᠯ᠂ ᠶᠠᠬᠡ ᠰᠤᠷᠭᠠᠭᠤᠯᠢ ᠳ᠋ᠤ ᠨᠡᠶᠢᠭᠡᠮ ᠤᠨ ᠬᠠᠷᠢᠯᠴᠠᠭᠠᠨ ᠳ᠋ᠤ ᠦᠷᠭᠦᠯᠵᠢ ᠤᠷᠤᠳᠠᠭ᠂ ᠡᠨᠡ ᠨᠢ ᠮᠦᠨ ᠴᠤ ᠤᠶᠤᠲᠠᠳ ᠤᠨ ᠦᠪᠡᠷ ᠢ ᠪᠠᠨ ᠲᠠᠪᠳᠠᠨ ᠪᠤᠯᠪᠠᠰᠤᠷᠠᠭᠤᠯᠬᠤ ᠵᠦᠢᠯ ᠶᠤᠮ 》 ᠭᠡᠵᠦ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶ᠋ᠢᠨ ᠶᠡᠬᠡ ᠰᠤᠷᠭᠠᠭᠤᠯᠢ ᠶ᠋ᠢᠨ ᠨᠢᠭᠡᠳᠦᠭᠡᠷ ᠤᠨ ᠤ ᠤᠶᠤᠳᠠᠨ ᠪᠦᠷᠢᠨᠪᠠᠲᠤ ᠬᠡᠯᠡᠨ᠎ᠡ᠃ ᠲᠡᠭᠡᠬᠦ ᠪᠠᠷ ᠨᠢ ᠦᠨᠳᠦᠷ ᠳᠤᠮᠳᠠᠳᠤ ᠶ᠋ᠢᠨ ᠰᠤᠷᠤᠭᠴᠢ ᠬᠢᠭᠡᠳ ᠨᠢᠭᠡᠨᠲᠡ ᠶᠡᠬᠡ ᠰᠤᠷᠭᠠᠭᠤᠯᠢ ᠶ᠋ᠢᠨ ᠤᠶᠤᠲᠠᠨ ᠪᠤᠯᠴᠢᠬᠠᠭᠰᠠᠨ ᠰᠤᠷᠤᠭᠴᠢᠳ ᠤᠨ ᠦᠵᠡᠯᠲᠡ ᠲᠠᠨᠢᠯᠲᠠ ᠴᠤ ᠬᠤᠭᠤᠷᠤᠨᠳᠤ ᠪᠠᠨ ᠵᠢᠭᠠᠬᠠᠨ ᠵᠦᠷᠢᠶ᠎ᠡ ᠲᠠᠢ ᠪᠠᠶᠢᠭ᠎ᠠ ᠶᠤᠮ ᠪᠠᠶᠢᠨ᠎ᠠ᠃      

     ᠬᠦᠳᠡᠭᠡ ᠨᠤᠲᠤᠭ ᠤᠨ ᠮᠠᠯᠴᠢᠨ ᠲᠦᠮᠡᠨ ᠰᠤᠶᠤᠯ ᠡᠷᠳᠡᠮ ᠤᠨ ᠠᠴᠢ ᠬᠡᠷᠡᠭᠴᠡᠭᠡ ᠶ᠋ᠢ ᠬᠦᠢᠴᠡᠳ   ᠣᠶᠢᠯᠠᠭᠠᠵᠤ᠂ ᠬᠡᠤᠬᠡᠳ ᠢᠶᠡᠨ ᠶᠠᠭᠠᠬᠢᠵᠤ ᠪᠠᠶᠢᠭᠠᠳ ᠴᠤ ᠰᠤᠷᠭᠠᠭᠤᠯᠢ ᠳ᠋ᠤ ᠰᠠᠭᠤᠯᠭᠠᠬᠤ ᠶ᠋ᠢ ᠵᠤᠷᠢᠳᠠᠭ ᠪᠤᠯᠤᠭᠰᠠᠨ ᠨᠢ ᠰᠠᠶᠢᠨ ᠶᠠᠪᠤᠳᠠᠯ᠃ ᠭᠡᠬᠦ ᠳ᠋ᠡᠭᠡᠨ ᠬᠡᠤᠬᠡᠳ ᠢᠶᠡᠨ ᠪᠦᠬᠦᠳᠡ ᠪᠦᠬᠦᠳᠡᠭᠡᠷ ᠢ ᠨᠢ ᠰᠤᠷᠭᠠᠭᠤᠯᠢ ᠳ᠋ᠤ ᠶᠠᠪᠤᠭᠤᠯᠴᠢᠬᠠᠭᠠᠳ᠂ ᠬᠤᠵᠢᠮ ᠬᠦᠳᠡᠭᠡ ᠨᠤᠲᠤᠭ ᠢᠶᠡᠨ ᠰᠠᠬᠢᠵᠤ ᠦᠯᠡᠳᠡᠬᠦ ᠬᠦᠮᠦᠨ ᠦᠭᠡᠢ ᠪᠤᠯᠴᠢᠬᠠᠪᠠᠯ ᠶᠠᠭᠠᠬᠢᠳᠠᠭ ᠶᠤᠮ ᠭᠡᠰᠡᠨ ᠰᠠᠨᠠᠭᠠᠰᠢᠷᠠᠯ ᠳ᠋ᠤ ᠤᠨᠠᠵᠤ ᠡᠬᠢᠯᠡᠭᠰᠡᠨ ᠨᠢ ᠴᠤ ᠤᠷᠤ ᠦᠭᠡᠢ ᠭᠠᠵᠠᠷ ᠡᠴᠠ ᠤᠷᠭᠤᠭᠰᠠᠨ ᠪᠤᠳᠤᠯ ᠪᠢᠰᠢ ᠶᠤᠮ᠃ ᠤᠴᠢᠷ ᠨᠢ ᠰᠤᠷᠭᠠᠭᠤᠯᠢ ᠳ᠋ᠤ ᠶᠠᠪᠤᠭᠰᠠᠨ ᠬᠡᠤᠬᠡᠳ ᠬᠦᠳᠡᠭᠡ  ᠨᠤᠲᠤᠭ ᠲᠠᠭᠠᠨ ᠳᠠᠬᠢᠵᠤ ᠬᠠᠷᠢᠵᠤ ᠢᠷᠡᠳᠡᠭ ᠨᠢ ᠡᠳᠦᠷ ᠤᠨ ᠤᠳᠤ ᠮᠡᠲᠦ ᠲᠤᠭᠠᠲᠠᠢ ᠪᠤᠯᠴᠢᠬᠠᠵᠠᠢ᠃          

                      ᠬᠦᠳᠡᠭᠡ ᠨᠤᠲᠤᠭ ᠲᠠᠬᠢ ᠵᠠᠯᠠᠭᠤᠰ ᠤᠨ ᠬᠤᠪᠤᠷᠳᠠᠯ        

     ᠰᠤᠷᠭᠠᠭᠤᠯᠢ ᠳᠠᠮᠵᠢᠨ ᠪᠢᠴᠢᠭ ᠦᠵᠡᠭᠰᠡᠨ ᠵᠠᠯᠠᠭᠤᠰ ᠨᠢ ᠬᠤᠲᠠ ᠭᠠᠵᠠᠷ ᠦᠯᠡᠳᠡᠵᠦ᠂ ᠤᠯᠤᠰ ᠤᠨ ᠠᠵᠢᠯ ᠤᠯᠵᠤ᠂ ᠬᠤᠲᠠᠵᠢᠯ ᠳ᠋ᠤ ᠤᠷᠮᠠᠰᠢᠵᠤ᠂ ᠬᠦᠳᠡᠭᠡ ᠨᠤᠲᠤᠭ ᠢᠶᠡᠨ ᠭᠤᠯᠤᠬᠤ ᠦᠵᠡᠯ ᠪᠤᠳᠤᠯ ᠳᠡᠢᠯᠦᠩᠬᠢ ᠪᠤᠯᠤᠭᠰᠠᠨ᠃ ᠠᠶᠢᠯ ᠤᠨ ᠨᠢᠭᠡᠯᠡ ᠬᠡᠤᠬᠡᠳ ᠪᠤᠶᠤ ᠵᠠᠯᠠᠭᠤᠰ ᠬᠦᠳᠡᠭᠡ ᠳ᠋ᠡᠭᠡᠨ ᠪᠤᠴᠠᠬᠤ ᠦᠭᠡᠢ ᠡᠴᠠ ᠪᠤᠯᠵᠤ ᠬᠦᠳᠡᠭᠡ ᠨᠤᠲᠤᠭ ᠲᠤ ᠮᠠᠯᠵᠢᠯ ᠤᠨ ᠬᠦᠳᠡᠯᠮᠤᠷᠢ ᠬᠦᠴᠦ ᠶᠡᠬᠡᠪᠡᠷ ᠳᠤᠳᠠᠭᠳᠠᠵᠤ᠂ ᠤᠳᠤ ᠬᠦᠳᠡᠭᠡ ᠨᠤᠲᠤᠭ ᠲᠠᠭᠠᠨ ᠮᠠᠯ ᠢᠶᠡᠨ ᠬᠠᠷᠢᠭᠤᠯᠵᠤ ᠰᠠᠭᠤᠭ᠎ᠠ ᠨᠢ ᠢᠳᠡᠷ ᠨᠠᠰᠤᠨ ᠤ ᠪᠤᠶᠤ ᠬᠦᠭᠰᠢᠳ ᠨᠠᠰᠤᠲᠠᠳ ᠤᠯᠠᠩᠬᠢ ᠲᠤᠭ᠎ᠠ ᠶ᠋ᠢ ᠡᠵᠡᠯᠡᠵᠦ ᠪᠤᠢ᠃ ᠡᠶᠢᠮᠦᠷᠬᠦᠦ ᠶᠠᠷᠢᠶ᠎ᠠ ᠵᠤᠭᠤᠭ ᠨᠡᠶᠢᠲᠡᠯᠡᠯ ᠪᠢᠴᠢᠯᠭᠡ ᠵᠠᠭᠤᠴᠢᠯᠠᠭᠤᠷ ᠢᠶᠠᠷ ᠤᠯᠠᠨ ᠬᠠᠷᠠᠭᠳᠠᠬᠤ ᠪᠤᠯᠤᠯ᠎ᠠ᠃  ᠮᠠᠨ ᠤ ᠰᠤᠷᠪᠤᠯᠵᠢᠯᠠᠭᠴᠢᠳ ᠴᠤ ᠦᠨᠳᠦᠰᠦᠨ ᠱᠠᠲᠤ ᠪᠠᠷ ᠰᠤᠷᠪᠤᠯᠵᠢᠯᠠᠵᠤ ᠶᠠᠪᠤᠬᠤ ᠳᠠᠭᠠᠨ ᠡᠶᠢᠮᠦᠷᠬᠦᠦ ᠶᠠᠷᠢᠶ᠎ᠠ ᠶ᠋ᠢ ᠤᠯᠠᠨᠲᠠ ᠰᠤᠨᠤᠰᠴᠤ᠂ ᠮᠦᠨ ᠬᠦᠳᠡᠭᠡ ᠨᠤᠲᠤᠭ ᠲᠠᠬᠢ ᠵᠠᠯᠠᠭᠤᠰ ᠤᠨ ᠪᠠᠶᠢᠳᠠᠯ ᠢ ᠲᠤᠰᠬᠠᠭᠰᠠᠨ ᠮᠡᠳᠡᠭᠡᠯᠡᠯ ᠨᠡᠢᠲᠡᠯᠡᠯ ᠤᠯᠠᠨ ᠭᠠᠷᠭᠠᠵᠤ ᠪᠠᠶᠢᠭᠰᠠᠨ ᠶᠤᠮ᠃      

      ᠬᠦᠳᠡᠭᠡ ᠨᠤᠲᠤᠭ ᠲᠤ ᠵᠠᠯᠠᠭᠤᠰ ᠴᠦᠬᠡᠷᠡᠭᠰᠡᠨ ᠤ ᠰᠢᠯᠲᠠᠭᠠᠨ ᠨᠢ ᠨᠢᠭᠡ ᠳ᠋ᠤ᠂ ᠰᠤᠷᠭᠠᠭᠤᠯᠢ ᠰᠤᠶᠤᠯ ᠤᠨ ᠮᠦᠷ ᠬᠦᠭᠡᠭᠡᠵᠦ᠂ ᠶᠡᠬᠡ ᠰᠤᠷᠭᠠᠭᠤᠯᠢ ᠳ᠋ᠤ ᠳᠡᠪᠰᠢᠭᠰᠡᠨ᠃ ᠬᠤᠶᠠᠷ ᠲᠤ᠂ ᠬᠦᠯᠦᠰᠦᠨ ᠠᠵᠢᠯ ᠬᠢᠬᠦ ᠪᠠᠷ ᠬᠤᠲᠠ ᠶ᠋ᠢᠨ ᠵᠠᠬ᠎ᠠ ᠪᠠᠷᠠᠲᠠᠭᠰᠠᠨ ᠶᠠᠪᠤᠳᠠᠯ ᠶᠤᠮ᠃ ᠬᠦᠳᠡᠭᠡ ᠨᠤᠲᠤᠭ ᠲᠤ ᠵᠠᠯᠠᠭᠤᠰ ᠴᠦᠬᠡᠷᠡᠭᠰᠡᠨ ᠤ ᠤᠯᠠᠮ ᠡᠴᠠ ᠬᠦᠳᠡᠯᠮᠦᠷᠢ ᠬᠦᠴᠦ ᠲᠤᠲᠠᠭᠳᠠᠬᠤ᠂ ᠬᠦᠳᠡᠭᠡ ᠨᠤᠲᠤᠭ ᠲᠤ ᠭᠤᠤᠨᠢ ᠵᠠᠯᠠᠭᠤᠴᠤᠳ ᠤᠯᠠᠰᠢᠷᠠᠬᠤ᠁ ᠭᠡᠬᠦ ᠮᠡᠲᠦ ᠶ᠋ᠢᠨ ᠤᠯᠠᠨ ᠤᠯᠠᠨ ᠨᠡᠶᠢᠭᠡᠮ ᠤᠨ ᠠᠰᠠᠭᠤᠳᠠᠯ ᠢᠯᠡᠷᠡᠵᠡᠢ᠃ ᠬᠤᠵᠢᠮ ᠬᠡᠨ ᠨᠢ ᠨᠤᠲᠤᠭ ᠤᠰᠤᠨ ᠤ ᠪᠠᠨ ᠡᠵᠡᠨ ᠪᠤᠯᠵᠤ ᠦᠯᠡᠳᠡᠬᠦ ᠪᠤᠢ ᠭᠡᠳᠡᠭ ᠪᠤᠯ ᠮᠦᠨ ᠴᠤ ᠲᠡᠳᠡᠭᠡᠷ ᠠᠰᠠᠭᠤᠳᠠᠯ ᠤᠨ ᠳᠤᠲᠤᠷᠠᠬᠢ ᠨᠢᠭᠡᠨ ᠬᠦᠨᠳᠦ ᠠᠰᠠᠭᠤᠳᠠᠯ ᠪᠤᠯᠤᠨ ᠮᠠᠨ ᠤ ᠨᠢᠳᠦᠨ ᠡᠮᠦᠨ᠎ᠡ ᠲᠤᠯᠭᠠᠷᠠᠵᠤ ᠪᠠᠢᠭ᠎ᠠ ᠶᠤᠮ᠃ ᠡᠨᠡᠬᠦ ᠠᠰᠠᠭᠤᠳᠠᠯ ᠪᠤᠯ ᠮᠠᠯᠵᠢᠬᠤ ᠠᠮᠢᠳᠤᠷᠠᠯ ᠦᠢᠯᠡᠳᠪᠦᠷᠢᠯᠡᠯ᠂ ᠮᠤᠩᠭᠤᠯ ᠤᠯᠠᠮᠵᠢᠯᠠᠯᠲᠤ ᠰᠤᠶᠤᠯ ᠵᠡᠷᠭᠡ ᠤᠯᠠᠨ ᠤᠯᠠᠨ ᠠᠰᠠᠭᠤᠳᠠᠯ ᠲᠠᠢ ᠰᠢᠭᠤᠳ ᠨᠢᠬᠲᠠ ᠬᠤᠯᠪᠤᠭᠠᠲᠠᠢ ᠶᠤᠮ᠃        

                       ᠠᠵᠢᠯ ᠤᠯᠭᠤᠯᠲᠠ ᠶ᠋ᠢᠨ ᠠᠴᠠᠨ ᠰᠠᠯᠠᠭᠠᠨ ᠳᠡᠭᠡᠷᠡᠬᠢ ᠮᠤᠩᠭᠤᠯ ᠤᠶᠤᠲᠠᠳ        

     ᠦᠶ᠎ᠡ ᠤᠯᠠᠷᠢᠨ ᠰᠠᠭᠤᠷᠢᠰᠢᠵᠤ᠂ ᠡᠴᠢᠭᠡ ᠡᠪᠦᠭᠡᠳ ᠤᠨ ᠦᠶ᠎ᠡ ᠳᠠᠮᠵᠢᠨ ᠡᠵᠡᠨ  ᠰᠠᠭᠤᠭᠰᠠᠭᠠᠷ ᠢᠷᠡᠭᠰᠡᠨ ᠨᠤᠲᠤᠭ ᠤᠰᠤᠨ ᠡᠴᠠ ᠪᠠᠨ ᠢᠷᠡᠭᠡᠳᠦᠢ ᠶ᠋ᠢᠨ ᠡᠵᠡᠨ ᠪᠤᠯᠬᠤ ᠮᠤᠩᠭᠤᠯ ᠵᠠᠯᠠᠭᠤᠰ ᠨᠢ ᠬᠤᠯᠠᠳᠠᠨ ᠶᠠᠪᠤᠵᠤ᠂ ᠡᠷᠬᠢᠵᠦ ᠪᠤᠴᠠᠬᠤ ᠶ᠋ᠢᠨ ᠪᠠᠷ᠎ᠠ ᠨᠢ ᠬᠠᠷᠠᠭᠳᠠᠬᠤ ᠦᠭᠡᠢ ᠶ᠋ᠢ ᠪᠤᠳᠤᠬᠤᠯᠠᠷ ᠡᠷᠬᠡ ᠦᠭᠡᠢ ᠰᠡᠳᠬᠢᠯ ᠡᠪᠬᠡᠷᠡᠮᠡᠷ ᠴᠤ ᠶᠡᠬᠡ ᠵᠤᠬᠢᠶᠠᠯᠴᠢ ᠨᠠᠴᠤᠭᠳᠤᠷᠵᠢ ᠶ᠋ᠢᠨ ᠪᠢᠴᠢᠭᠰᠡᠨ ᠰᠢᠭ 《 ᠬᠤᠯᠠ ᠶ᠋ᠢᠨ ᠰᠢᠪᠠᠭᠤ ᠨᠢᠰᠦᠭᠡᠳ ᠬᠦᠷᠬᠦ ᠦᠭᠡᠢ ᠭᠠᠵᠠᠷ ᠡᠴᠠ ᠬᠦᠮᠦᠨ ᠤ ᠬᠦᠦ ᠡᠷᠳᠡᠨᠢ ᠡᠪᠦᠷᠯᠡᠭᠡᠳ ᠢᠷᠡᠬᠦ 》 ᠶ᠋ᠢᠨ ᠰᠠᠶᠢᠬᠠᠨ ᠰᠤᠪᠢᠩ ᠮᠡᠳᠡᠷᠡᠭᠳᠡᠨ᠂ ᠶᠠᠮᠠᠷ ᠲᠠᠢ ᠴᠤ ᠰᠡᠳᠬᠢᠯ ᠨᠢᠭᠡ ᠠᠭᠤᠵᠢᠷᠠᠬᠤ ᠰᠢᠭ᠋ ᠪᠤᠯᠤᠨ᠎ᠠ᠃ ᠶᠡᠬᠡ ᠰᠤᠷᠭᠠᠭᠤᠯᠢ ᠳ᠋ᠤ ᠳᠡᠪᠰᠢᠨ᠂ ᠡᠷᠳᠡᠮ ᠰᠤᠶᠤᠯ ᠤᠨ ᠳᠡᠭᠡᠳᠦ ᠶ᠋ᠢ ᠬᠦᠷᠲᠡᠭᠡᠳ ᠶᠠᠪᠤᠬᠤ ᠨᠢ ᠮᠤᠩᠭᠤᠯ ᠵᠠᠯᠠᠭᠤᠰ ᠤᠨ ᠮᠢᠨᠢ ᠠᠵᠠ ᠵᠠᠪᠰᠢᠶᠠᠨ᠂ ᠮᠤᠩᠭᠤᠯ ᠲᠦᠮᠡᠨ ᠤ ᠮᠢᠨᠢ ᠤᠬᠠᠭᠠᠷᠠᠯ ᠭᠡᠭᠡᠷᠡᠯ ᠤᠨ ᠵᠠᠮ ᠮᠦᠨ᠃ ᠭᠡᠬᠦ ᠳ᠋ᠡᠭᠡᠨ ᠶᠡᠬᠡ ᠰᠤᠷᠭᠠᠭᠤᠯᠢ ᠳ᠋ᠤ ᠠᠮᠠᠷᠬᠠᠨ ᠳᠡᠪᠰᠢᠴᠢᠬᠡᠳᠡᠭ ᠴᠤ ᠡᠯ᠎ᠡ ᠲᠠᠯ᠎ᠠ ᠶ᠋ᠢᠨ ᠰᠢᠯᠲᠠᠭᠠᠨ ᠡᠴᠠ ᠪᠤᠯᠵᠤ᠂ ᠲᠡᠭᠦᠰᠦᠭᠰᠡᠨ ᠤ ᠳᠠᠷᠠᠭ᠎ᠠ ᠲᠡᠷᠡ ᠪᠦᠷᠢ ᠠᠵᠢᠯ ᠤᠯᠵᠤ ᠳᠡᠶᠢᠯᠬᠦ ᠦᠭᠡᠢ ᠨᠢ ᠬᠠᠶᠢᠷᠠᠨ᠃ ᠤᠳᠤᠬᠠᠨ ᠳ᠋ᠤ ᠶᠡᠬᠡ ᠰᠤᠷᠭᠠᠭᠤᠯᠢ ᠲᠡᠭᠦᠰᠦᠭᠰᠡᠨ ᠤᠶᠤᠲᠠᠳ ᠤᠨ ᠠᠵᠢᠯ ᠤᠯᠭᠤᠯᠲᠠ ᠶ᠋ᠢᠨ ᠠᠰᠠᠭᠤᠳᠠᠯ ᠳᠡᠲᠡᠭᠡᠷ ᠵᠠᠯᠠᠭᠤ ᠨᠢᠭᠡ ᠦᠶ᠎ᠡ ᠶ᠋ᠢᠨ ᠬᠢᠨ ᠤ ᠪᠡᠶ᠎ᠡ ᠳᠡᠭᠡᠷ᠎ᠡ ᠰᠢᠭᠤᠳ ᠲᠤᠯᠭᠠᠷᠠᠭᠠᠳ ᠢᠷᠡᠵᠦ ᠪᠠᠶᠢᠨ᠎ᠠ᠃     ᠬᠦᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠡᠴᠠ 2008 ᠤᠨ ᠳ᠋ᠤ ᠲᠡᠭᠦᠰᠦᠭᠰᠡᠨ ᠤᠶᠤᠲᠠᠨ ᠢᠷᠠᠭᠤ ᠲᠡᠭᠦᠰᠦᠭᠡᠳ ᠠᠵᠢᠯ ᠤᠯᠵᠤ ᠳᠡᠶᠢᠯᠦᠭᠡ ᠦᠭᠡᠢ᠂ ᠦᠪᠡᠷ ᠢᠶᠡᠨ ᠦᠢᠯᠡᠰ ᠪᠤᠰᠬᠠᠬᠤ ᠵᠠᠮ ᠢ ᠰᠤᠩᠭᠤᠭᠰᠠᠨ ᠨᠢᠭᠡᠨ ᠵᠢᠱᠢᠶ᠎ᠡ ᠶᠤᠮ᠃ ᠲᠡᠷᠡ 8 ᠵᠢᠯ ᠤᠨ ᠲᠤᠷᠰᠢ᠂ ᠦᠪᠡᠷ ᠢᠶᠡᠨ ᠦᠢᠯᠡᠰ ᠡᠷᠬᠢᠯᠡᠵᠦ᠂ ᠠᠯᠪᠠᠲᠠᠨ ᠰᠢᠯᠭᠠᠭᠤᠯᠬᠤ᠂ ᠦᠰᠦ ᠵᠠᠰᠠᠬᠤ ᠭᠠᠵᠠᠷ ᠠᠵᠢᠯᠯᠠᠬᠤ᠂ ᠳᠠᠬᠢᠨ ᠦᠢᠯᠡᠰ ᠪᠤᠰᠬᠠᠵᠤ ᠴᠠᠭᠠᠨ ᠢᠳᠡᠭᠡᠨ ᠤ ᠳᠡᠯᠭᠡᠭᠦᠷ ᠡᠷᠬᠢᠯᠡᠭᠡᠳ ᠤᠳᠤ ᠨᠡᠯᠢᠶᠡᠳ ᠵᠠᠮ ᠮᠦᠷ ᠢᠶᠡᠨ ᠤᠯᠴᠢᠬᠠᠭᠰᠠᠨ ᠶᠠᠪᠤᠵᠤ ᠪᠤᠢ᠃ 《 ᠮᠢᠨᠦ ᠦᠵᠡᠬᠦ ᠪᠠᠷ ᠮᠤᠩᠭᠤᠯ ᠤᠶᠤᠲᠠᠳ ᠠᠵᠢᠯ ᠤᠯᠭᠤᠯᠲᠠ ᠶ᠋ᠢᠨ ᠬᠦᠴᠢᠷᠳᠡᠯ ᠳ᠋ᠤ ᠲᠤᠯᠭᠠᠷᠠᠭᠰᠠᠨ ᠦᠶ᠎ᠡ ᠳ᠋ᠤ ᠦᠪᠡᠷ ᠢᠶᠡᠨ ᠦᠢᠯᠡᠰ ᠪᠤᠰᠬᠠᠬᠤ ᠵᠠᠮ ᠢ ᠰᠤᠩᠭᠤᠬᠤ ᠨᠢ ᠵᠤᠬᠢᠰᠲᠠᠢ ᠭᠡᠵᠦ ᠪᠤᠳᠤᠵᠤ ᠪᠠᠶᠢᠨ᠎ᠠ 》 ᠭᠡᠵᠦ ᠢᠷᠠᠭᠤ ᠰᠤᠷᠪᠤᠯᠵᠢᠯᠠᠭᠴᠢ ᠳ᠋ᠤ ᠬᠡᠯᠡᠵᠦ ᠪᠠᠶᠢᠯ᠎ᠠ᠃ ᠤᠶᠤᠲᠠᠨ ᠢᠷᠠᠭᠤ ᠠᠵᠢᠯ ᠤᠯᠵᠤ ᠳᠡᠶᠢᠯᠦᠭᠡ ᠦᠭᠡᠢ ᠴᠤ ᠦᠢᠯᠡᠰ ᠪᠤᠰᠬᠠᠬᠤ ᠵᠠᠮ ᠢ ᠰᠤᠩᠭᠤᠵᠤ᠂ ᠤᠳᠤᠬᠠᠨ ᠳ᠋ᠤ ᠬᠤᠲᠠ ᠶ᠋ᠢᠨ ᠵᠠᠢ ᠳ᠋ᠤ ᠦᠪᠡᠷ ᠤᠨ ᠭᠡᠰᠡᠨ ᠦᠢᠯᠡᠰ ᠤᠨ ᠮᠦᠷ ᠲᠠᠢ ᠶᠠᠪᠤᠨ᠎ᠠ᠃ ᠭᠡᠬᠦ ᠳ᠋ᠡᠭᠡᠨ ᠲᠡᠷᠡ ᠬᠦᠳᠡᠭᠡ ᠨᠤᠲᠤᠭ ᠲᠠᠭᠠᠨ ᠬᠠᠷᠢᠬᠤ ᠶ᠋ᠢ ᠰᠠᠨᠠᠭᠰᠠᠨ ᠦᠭᠡᠢ᠂ ᠬᠠᠷᠢᠨ ᠬᠤᠲᠠ ᠳ᠋ᠤ ᠦᠯᠡᠳᠡᠨ ᠦᠢᠯᠡᠰ ᠪᠤᠰᠬᠠᠵᠠᠢ᠃ ᠵᠢᠯ ᠵᠢᠯ ᠤᠨ ᠲᠡᠭᠦᠰᠦᠭᠰᠡᠨ ᠤᠶᠤᠲᠠᠳ ᠤᠨ ᠳᠤᠲᠤᠷ᠎ᠠ ᠲᠡᠭᠦᠨ ᠲᠠᠢ ᠠᠳᠠᠯᠢᠠᠬᠨ ᠬᠦᠮᠦᠰ ᠪᠠᠭ᠎ᠠ ᠪᠤᠰᠤ ᠪᠠᠶᠢᠳᠠᠭ ᠴᠤ ᠢᠷᠠᠭᠤ ᠰᠢᠭ᠋ ᠠᠮᠵᠢᠯᠲᠠ ᠶ᠋ᠢᠨ ᠵᠢᠯᠤᠭᠤ ᠶ᠋ᠢ ᠤᠯᠵᠤ ᠠᠳᠬᠤᠳᠠᠭ ᠨᠢ ᠬᠠᠷᠢᠨ ᠴᠦᠬᠡᠨ ᠪᠢᠯᠡ᠃ 《ᠤᠳᠤ ᠶ᠋ᠢᠨ ᠮᠤᠩᠭᠤᠯ ᠢᠶᠠᠷ ᠰᠤᠷᠤᠭᠰᠠᠨ ᠤᠶᠤᠲᠠᠳ ᠤᠨ ᠬᠤᠪᠢ ᠳ᠋ᠤ ᠠᠪᠴᠤ ᠬᠡᠯᠡᠪᠡᠯ ᠭᠠᠷᠬᠤ ᠵᠠᠮ ᠮᠠᠰᠢ ᠢᠪᠴᠤᠤ᠃ ᠪᠠᠷᠤᠭ 90% ᠡᠴᠠ ᠳᠡᠭᠡᠭᠰᠢᠬᠢ ᠨᠢ ᠠᠯᠪᠠᠲᠠᠨ ᠰᠢᠯᠭᠠᠭᠤᠯᠵᠤ ᠪᠠᠶᠢᠨ᠎ᠠ᠂ ᠭᠡᠬᠦ ᠳ᠋ᠡᠭᠡᠨ ᠡᠨᠡ ᠵᠢᠯ ᠮᠠᠨ ᠤ ᠤᠷᠤᠨ ᠡᠴᠠ 19 ᠲᠦᠮᠡᠨ ᠬᠦᠮᠦᠨ ᠠᠯᠪᠠᠲᠠᠨ ᠰᠢᠯᠭᠠᠭᠠᠳ᠂ ᠲᠡᠭᠦᠨ ᠤ ᠲᠤᠳᠤᠷ᠎ᠠ ᠡᠴᠠ 2600 ᠭᠠᠷᠤᠢ ᠬᠦᠮᠦᠨ ᠢ ᠯᠡ ᠠᠪᠬᠤ ᠨᠤᠷᠮ᠎ᠠ ᠲᠠᠢ᠃ ᠤᠳᠤᠬᠠᠨ ᠳ᠋ᠤ ᠤᠯᠤᠰ ᠡᠴᠠ ᠦᠢᠯᠡᠰ ᠪᠤᠰᠬᠠᠬᠤ ᠶ᠋ᠢ ᠳᠡᠮᠵᠢᠬᠦ ᠲᠦᠷᠦ ᠶ᠋ᠢᠨ ᠪᠤᠳᠤᠯᠭ᠎ᠠ ᠰᠠᠶᠢᠨ᠂ ᠡᠨᠡ ᠵᠠᠮ ᠢ ᠰᠤᠩᠭᠤᠵᠤ ᠪᠤᠯᠬᠤ ᠪᠤᠯᠪᠠᠴᠤ ᠠᠮᠵᠢᠯᠲᠠ ᠤᠯᠬᠤ ᠨᠢ ᠮᠦᠨ ᠲᠡᠶᠢᠮᠤ ᠬᠢᠯᠪᠠᠷ ᠪᠢᠰᠢ ᠪᠠᠶᠢᠳᠠᠭ᠃ ᠡᠶᠢᠮᠦ ᠡᠴᠠ ᠤᠶᠤᠲᠠᠳ ᠤᠯᠠᠨ ᠠᠷᠭ᠎ᠠ ᠵᠠᠮ ᠢ ᠪᠤᠳᠤᠯᠬᠢᠯᠠᠪᠠᠯ ᠵᠤᠬᠢᠨ᠎ᠠ 》 ᠭᠡᠵᠦ ᠦᠪᠦᠷ ᠮᠤᠩᠭᠤᠯ ᠤᠨ ᠶᠡᠬᠡ ᠰᠤᠷᠭᠠᠭᠤᠯᠢ ᠶ᠋ᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶ᠋ᠢᠨ ᠴᠢᠮᠡᠳ · ᠨᠢᠷᠭᠡᠯ ᠪᠠᠭᠰᠢ ᠬᠡᠯᠡᠵᠦ ᠪᠠᠶᠢᠯ᠎ᠠ᠃        

                        ᠬᠦᠳᠡᠭᠡ ᠳ᠋ᠡᠭᠡᠨ ᠪᠤᠴᠠᠭᠰᠠᠨ ᠮᠤᠩᠭᠤᠯ ᠵᠠᠯᠠᠭᠤᠰ        

       ᠠᠵᠢᠯ ᠤᠯᠭᠤᠯᠲᠠ ᠶ᠋ᠢᠨ ᠪᠠᠶᠢᠳᠠᠯ ᠶᠠᠮᠠᠷ ᠠᠨᠠᠢ ᠪᠠᠶᠢᠭᠰᠠᠨ ᠴᠤ ᠨᠢᠭᠡ ᠪᠦᠯᠦᠭ ᠰᠤᠷᠤᠭᠴᠢ ᠤᠶᠤᠲᠠᠳ ᠪᠤᠯ ᠯᠠᠪᠲᠠᠢ ᠠᠯᠪᠠᠨ ᠠᠵᠢᠯ᠂ ᠪᠠᠢᠭᠤᠯᠤᠯᠭ᠎ᠠ ᠨᠢᠭᠡᠴᠡ ᠳ᠋ᠤ ᠠᠵᠢᠯ ᠤᠯᠵᠤ ᠳᠡᠶᠢᠯᠳᠡᠭ᠃  ᠠᠵᠢᠯ ᠤᠯᠵᠤ  ᠳᠡᠶᠢᠯᠬᠦ ᠦᠭᠡᠢ ᠦᠯᠡᠳᠡᠭᠰᠡᠨ ᠮᠤᠩᠭᠤᠯ ᠤᠶᠤᠲᠠᠳ ᠨᠢ ᠲᠡᠭᠡᠬᠦ ᠳ᠋ᠤ ᠬᠤᠲᠠ ᠳ᠋ᠤ ᠦᠯᠡᠳᠡᠨ᠂ ᠦᠷᠭᠦᠯᠵᠢᠯᠡᠨ ᠠᠵᠢᠯ ᠡᠷᠢᠬᠦ ᠪᠤᠶᠤ ᠦᠪᠡᠷ ᠢᠶᠡᠨ ᠦᠢᠯᠡᠰ ᠪᠤᠰᠬᠠᠬᠤ ᠵᠠᠮ ᠢ ᠰᠣᠩᠭᠣᠳᠠᠭ᠃ ᠪᠠᠰᠠ ᠵᠠᠷᠢᠮ ᠨᠢ ᠤᠯᠠᠨ ᠵᠢᠯ ᠢᠶᠠᠷ ᠠᠯᠪᠠᠲᠠᠨ ᠰᠢᠯᠭᠠᠭᠤᠯᠬᠤ ᠶ᠋ᠢᠨ ᠲᠦᠯᠦᠭᠡ ᠡᠯ᠎ᠡ ᠲᠦᠷᠦᠯ ᠤᠨ ᠪᠤᠯᠪᠠᠰᠤᠷᠠᠯ ᠤᠨ ᠠᠩᠬᠢ ᠳ᠋ᠤ  ᠣᠷᠣᠯᠴᠠᠳᠠᠭ᠃ ᠲᠡᠷᠡ ᠳᠤᠮᠳᠠ ᠡᠴᠠ ᠴᠦᠬᠡᠨ ᠲᠤᠭᠠᠨ ᠤ ᠮᠤᠩᠭᠤᠯ ᠤᠶᠤᠲᠠᠨ ᠵᠠᠯᠠᠭᠤᠰ ᠬᠦᠳᠡᠭᠡ  ᠨᠤᠲᠤᠭ ᠲᠠᠭᠠᠨ ᠪᠤᠴᠠᠨ ᠬᠠᠷᠢᠵᠤ᠂ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ ᠢᠶᠡᠨ ᠡᠷᠬᠢᠯᠡᠬᠦ ᠶ᠋ᠢ ᠰᠠᠨᠠᠵᠤ ᠤᠯᠤᠨ᠂ ᠬᠦᠳᠡᠭᠡ ᠨᠤᠲᠤᠭ ᠢᠶᠡᠨ ᠵᠤᠷᠢᠳᠠᠭ ᠪᠤᠯᠤᠭᠰᠠᠨ ᠨᠢ ᠪᠠᠶᠠᠷᠯᠠᠭᠤᠰᠢᠲᠠᠢ ᠤᠴᠢᠷ ᠶᠤᠮ᠃       ᠬᠦᠯᠦᠨ ᠪᠤᠢᠷ ᠬᠤᠲᠠ ᠶ᠋ᠢᠨ ᠡᠸᠠᠩᠬᠢ ᠬᠤᠰᠢᠭᠤᠨ ᠤ ᠰᠢᠨᠡᠬᠡᠨ ᠪᠠᠷᠠᠭᠤᠨ ᠰᠤᠮᠤ ᠶ᠋ᠢᠨ ᠭᠡᠰᠡᠷ᠂ ᠰᠠᠺᠦ᠋ᠷᠠ ᠬᠤᠶᠠᠭᠤᠯᠠ ᠪᠤᠯ ᠶᠡᠬᠡ ᠳᠡᠭᠡᠳᠦ ᠰᠤᠷᠭᠠᠭᠤᠯᠢ ᠡᠴᠠ ᠲᠡᠭᠦᠰᠦᠭᠰᠡᠨ ᠤᠶᠤᠲᠠᠨ ᠵᠠᠯᠠᠭᠤᠰ ᠶᠤᠮ᠃ ᠭᠡᠰᠡᠷ 2012 ᠤᠨ ᠳ᠋ᠤ ᠱᠠᠨᠳᠦ᠋ᠩ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠡᠴᠠ ᠲᠡᠭᠦᠰᠴᠦ᠂ ᠰᠠᠺᠦ᠋ᠷᠠ 2013 ᠤᠨ ᠳ᠋ᠤ ᠬᠦᠯᠦᠨ ᠪᠤᠢᠷ ᠳᠡᠭᠡᠳᠦ ᠰᠤᠷᠭᠠᠭᠤᠯᠢ ᠡᠴᠠ ᠲᠡᠭᠦᠰᠴᠡᠢ᠃ 《 ᠤᠶᠤᠲᠠᠳ ᠬᠤᠳᠠ ᠳ᠋ᠤ ᠠᠮᠢᠳᠤᠷᠠᠬᠤ ᠯᠡ ᠶᠤᠰᠤᠲᠠᠢ ᠪᠢᠰᠢ᠂ ᠡᠪᠦᠭᠡ ᠲᠡᠭᠡᠳᠦ ᠡᠴᠠ ᠦᠪᠯᠡᠭᠰᠡᠨ ᠨᠤᠲᠤᠭ ᠰᠤᠶᠤᠯ ᠢᠶᠡᠨ ᠰᠠᠬᠢᠵᠤ ᠬᠦᠳᠡᠭᠡ ᠠᠮᠢᠳᠤᠷᠠᠬᠤ ᠴᠤ ᠨᠢᠭᠡ ᠶᠤᠰᠤᠨ ᠤ ᠵᠢᠷᠭᠠᠯ᠃ ᠪᠢ ᠪᠦᠰᠡᠭᠦᠢ ᠲᠠᠢ ᠪᠠᠨ ᠬᠤᠶᠠᠭᠤᠯᠠ ᠢᠩᠬᠢᠵᠦ ᠪᠤᠳᠤᠭᠠᠳ ᠯᠡ  ᠬᠦᠳᠡᠭᠡ ᠠᠮᠢᠳᠤᠷᠠᠭᠰᠠᠨ ᠶᠤᠮ᠃ ᠬᠡᠨ ᠶᠠᠭᠤ ᠬᠡᠯᠡᠬᠦ ᠡᠴᠠ ᠪᠠᠨ ᠠᠯᠳᠠᠷᠠᠭ᠂ ᠮᠠᠯᠴᠢᠳ  ᠦᠨᠳᠦᠷ ᠰᠤᠶᠤᠯ ᠪᠤᠯᠪᠠᠰᠤᠷᠠᠯ ᠲᠠᠢ ᠪᠤᠯᠬᠤ ᠨᠢ ᠵᠦᠢ 》 ᠭᠡᠵᠦ ᠭᠡᠰᠡᠷ ᠲᠡᠳᠡ ᠬᠤᠶᠠᠭᠤᠯᠠ ᠶ᠋ᠢᠨ ᠬᠦᠳᠡᠭᠡ ᠨᠤᠲᠤᠭ ᠲᠠᠭᠠᠨ ᠠᠮᠢᠳᠤᠷᠠᠯ ᠴᠤᠭᠴᠠᠯᠠᠭᠰᠠᠨ ᠲᠤᠬᠠᠢ ᠪᠠᠨ ᠬᠡᠯᠡᠵᠦ ᠪᠠᠶᠢᠯ᠎ᠠ᠃ ᠤᠯᠠᠭᠠᠨᠬᠠᠳᠠ ᠬᠤᠲᠠ ᠶ᠋ᠢᠨ ᠠᠷᠤ ᠬᠤᠷᠴᠢᠨ ᠬᠤᠰᠢᠭᠤᠨ ᠤ ᠪᠠᠶᠠᠡᠡᠦ᠋ᠨᠳᠦᠷ ᠰᠤᠮᠤ ᠶ᠋ᠢᠨ ᠮᠠᠯᠴᠢᠨ ᠵᠠᠯᠠᠭᠤ ᠬᠦᠬᠡᠮᠦ᠋ᠷᠡᠨ ᠪᠤᠯ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶ᠋ᠢᠨ ᠶᠡᠬᠡ ᠰᠤᠷᠭᠠᠭᠤᠯᠢ ᠡᠴᠠ ᠲᠡᠭᠦᠰᠦᠭᠰᠡᠨ ᠤᠶᠤᠲᠠᠨ ᠶᠤᠮ᠃ ᠲᠡᠷᠡ 2014 ᠤᠨ ᠳ᠋ᠤ ᠰᠤᠷᠭᠠᠭᠤᠯᠢ ᠡᠴᠠ ᠪᠠᠨ ᠲᠡᠭᠦᠰᠦᠭᠡᠳ ᠬᠦᠳᠡᠭᠡ ᠨᠤᠲᠤᠭ ᠲᠠᠭᠠᠨ ᠬᠠᠷᠢᠵᠤ᠂ ᠮᠠᠯᠵᠢᠬᠤ ᠠᠮᠢᠳᠤᠷᠠᠯ ᠢᠶᠡᠨ ᠡᠷᠬᠢᠯᠡᠵᠡᠢ᠃ ᠭᠡᠬᠦ ᠳ᠋ᠡᠭᠡᠨ ᠲᠡᠷᠡ ᠤᠯᠠᠮᠵᠢᠯᠠᠯᠲᠤ ᠰᠡᠳᠬᠢᠭᠦᠢ ᠪᠠᠨ ᠬᠤᠪᠢᠷᠠᠭᠤᠯᠤᠨ᠂ ᠠᠷᠪᠠᠭᠠᠳ ᠡᠷᠦᠬᠡ ᠮᠠᠯᠴᠢᠳ ᠢ ᠬᠤᠯᠪᠤᠭᠠᠯᠠᠭᠤᠯᠤᠨ ᠬᠤᠷᠰᠢᠶ᠎ᠠ ᠪᠠᠶᠢᠭᠤᠯᠵᠤ᠂ ᠪᠠᠰᠠ ᠮᠠᠯᠴᠢᠨ ᠠᠶᠢᠯ ᠤᠨ ᠵᠤᠭᠠᠴᠠᠯ ᠤᠨ ᠭᠠᠵᠠᠷ ᠭᠠᠷᠭᠠᠨ᠂ ᠦᠪᠡᠷ ᠢᠶᠡᠨ ᠬᠤᠷᠰᠢᠶ᠎ᠠ ᠶ᠋ᠢᠨ ᠡᠷᠬᠢᠯᠡᠭᠴᠢ ᠪᠤᠯᠴᠢᠬᠠᠭᠰᠠᠠ ᠵᠦᠭᠡᠷᠬᠡᠨ ᠠᠮᠢᠳᠤᠷᠠᠯ ᠲᠠᠢ ᠶᠠᠪᠤᠨ᠎ᠠ᠃ 《 ᠮᠠᠨ ᠤ ᠨᠤᠲᠤᠭ ᠪᠤᠯ ᠪᠠᠶᠠᠯᠢᠭ ᠰᠠᠶᠢᠬᠠᠨ ᠨᠤᠲᠤᠭ ᠶᠤᠮ᠃ ᠨᠤᠲᠤᠭ ᠤᠨ ᠢᠶᠡᠨ ᠡᠬᠢ ᠪᠠᠶᠠᠯᠢᠭ ᠢ ᠰᠠᠶᠢᠬᠠᠨ ᠠᠰᠢᠬᠯᠠᠴᠢᠬᠠᠪᠠᠯ ᠪᠤᠰᠤᠳ ᠡᠴᠠ ᠳᠤᠲᠠᠭᠤ ᠦᠭᠡᠢ ᠠᠮᠢᠳᠤᠷᠠᠵᠤ ᠪᠤᠯᠤᠨ᠎ᠠ᠃ ᠬᠤᠲᠠ ᠭᠠᠵᠠᠷ ᠲᠡᠢᠮᠦ ᠤᠯᠠᠨ ᠬᠦᠮᠦᠨ ᠲᠠᠢ ᠦᠷᠢᠰᠦᠯᠳᠦᠨ ᠠᠵᠢᠯ ᠡᠷᠢᠭᠰᠡᠨ ᠤ ᠴᠢᠬᠤᠯᠠ ᠦᠭᠡᠢ 》 ᠭᠡᠵᠦ ᠲᠡᠷᠡ ᠰᠤᠷᠪᠤᠯᠵᠢᠯᠠᠬᠴᠢ ᠳ᠋ᠤ ᠬᠡᠯᠡᠵᠦ ᠪᠢᠯᠡ᠃ ᠡᠶᠢᠮᠦᠷᠬᠦᠦ ᠵᠢᠱᠢᠶ᠎ᠡ ᠮᠦᠨ ᠤᠯᠠᠨ ᠪᠤᠢ᠃ ᠮᠡᠳᠡᠯᠭᠡ ᠰᠤᠶᠤᠯ ᠰᠤᠷᠤᠭᠰᠠᠨ ᠵᠠᠯᠠᠭᠤᠰ ᠦᠬᠢᠳ ᠢᠶᠡᠨ ᠬᠦᠳᠡᠭᠡ ᠨᠤᠲᠤᠭ ᠨᠢ ᠬᠦᠰᠡᠨ ᠬᠦᠯᠢᠶᠡᠵᠦ ᠪᠠᠶᠢᠨ᠎ᠠ᠃ ᠶᠡᠬᠡ ᠰᠤᠷᠭᠠᠭᠤᠯᠢ ᠳ᠋ᠤ ᠰᠠᠭᠤᠵᠤ᠂ ᠤᠶᠤᠲᠠᠨ ᠪᠤᠯᠬᠤ ᠳᠠᠭᠠᠨ ᠵᠠᠪᠠᠯ ᠬᠤᠲᠠ ᠳ᠋ᠤ ᠰᠠᠭᠤᠬᠤ ᠨᠢ ᠬᠠᠷᠠᠯᠲᠠ ᠪᠢᠰᠢ ᠶᠤᠮ᠃ ᠤᠳᠤᠬᠢ ᠬᠤᠲᠠ ᠬᠦᠳᠡᠭᠡ ᠶ᠋ᠢᠨ ᠵᠦᠷᠢᠶ᠎ᠡ ᠶᠠᠪᠤᠬᠤ ᠳᠤᠲᠤᠮ ᠪᠠᠭᠠᠰᠴᠤ ᠪᠠᠶᠢᠭ᠎ᠠ ᠪᠠᠶᠢᠳᠠᠯ ᠳ᠋ᠤ ᠬᠦᠳᠡᠭᠡ ᠳ᠋ᠡᠭᠡᠨ ᠬᠠᠷᠢᠭᠠᠳ ᠬᠤᠲᠠ ᠶ᠋ᠢᠨ ᠬᠢᠨ ᠡᠴᠠ ᠲᠤᠳᠠᠭᠤ ᠦᠭᠡᠢ ᠠᠮᠢᠳᠤᠷᠠᠵᠤ ᠪᠠᠶᠢᠭ᠎ᠠ ᠵᠠᠯᠠᠭᠤ ᠦᠶ᠎ᠡ ᠶ᠋ᠢᠨ ᠬᠢᠨ ᠴᠤ ᠤᠯᠠᠨ ᠪᠠᠶᠢᠨ᠎ᠠ᠃ ᠲᠡᠶᠢᠮᠦ ᠡᠴᠡ ᠬᠦᠳᠡᠭᠡ ᠨᠤᠲᠤᠭ ᠢᠶᠡᠨ ᠵᠤᠷᠢᠬᠤ ᠨᠢ ᠤᠳᠤᠬᠢ ᠵᠠᠯᠠᠭᠤᠰ ᠤᠨ ᠪᠠᠰᠠ ᠨᠢᠭᠡᠨ ᠭᠠᠷᠬᠤ ᠵᠠᠮ ᠶᠤᠮ ᠭᠡᠳᠡᠭ ᠲᠤ ᠨᠡᠯᠢᠶᠡᠳ ᠬᠦᠮᠦᠰ ᠰᠠᠨᠠᠯ ᠨᠢᠭᠡᠲᠡᠢ ᠪᠠᠶᠢᠳᠠᠭ᠃ 《 ᠵᠤᠬᠢᠰᠲᠠᠢ ᠪᠡᠯᠡ ᠮᠦᠩᠬᠦ ᠪᠠᠶᠢᠭᠠᠳ ᠪᠡᠯᠡ ᠤᠷᠤᠭᠤᠯᠤᠯᠲᠠ ᠬᠢᠬᠦ ᠶᠤᠮ ᠪᠤᠯ ᠮᠤᠩᠭᠤᠯ ᠤᠶᠤᠲᠠᠳ ᠬᠦᠳᠡᠭᠡ ᠨᠤᠲᠤᠭ ᠢᠶᠡᠨ ᠰᠤᠩᠭᠤᠵᠤ ᠪᠤᠯᠤᠨ᠎ᠠ᠃ ᠲᠡᠨᠳᠡ ᠤᠷᠤᠨ ᠵᠠᠢ ᠨᠡᠩ ᠶᠡᠬᠡ ᠶᠤᠮ》 ᠭᠡᠵᠦ ᠴᠢᠮᠡᠳ · ᠨᠢᠷᠭᠡᠯ ᠪᠠᠭᠰᠢ ᠬᠡᠯᠡᠵᠦ ᠪᠠᠶᠢᠯ᠎ᠠ᠃

ᠢᠷᠡᠯᠳᠡ᠄ ᠬᠣᠯᠪᠣᠭ᠎ᠠ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ