ᠮᠣᠩᠭᠣᠯ ᠦᠨᠳᠦᠰᠦᠲᠡᠨ ‍ᠤ ᠠᠯᠳᠠᠷᠲᠤ ᠳᠠᠭᠤᠴᠢᠨ ᠪᠦᠷᠢᠨᠪᠠᠶᠠᠷ

ᠤᠩᠰᠢᠭᠰᠠᠨ ᠤᠳᠠᠭ᠎ᠠ ᠄ 835    ᠨᠡᠶᠢᠳᠡᠯᠡᠭᠰᠡᠨ ᠴᠠᠭ ᠄ 2016-07-14

      ᠪᠦᠷᠢᠨᠪᠠᠶᠠᠷ᠂ ᠤᠯᠤᠰ ‍ᠤᠨ ᠨᠢᠭᠡᠳᠦᠭᠡᠷ ᠳᠡᠰ ‍ᠤᠨ ᠲᠣᠭᠯᠠᠭᠴᠢ᠂ ᠮᠣᠩᠭᠣᠯ ᠦᠨᠳᠦᠰᠦᠲᠡᠨ ‍ᠤ ᠠᠯᠳᠠᠷᠲᠤ ᠳᠠᠭᠤᠴᠢᠨ᠂ ᠠᠯᠳᠠᠷᠲᠤ ᠠᠶᠠᠯᠭᠤ ᠵᠣᠬᠢᠶᠠᠭᠴᠢ᠂ ᠣᠯᠠᠨ ᠤᠯᠤᠰ ‍ᠤᠨ ᠷᠠᠳᠢᠣ᠋ ᠬᠣᠷᠢᠶ᠎ᠠ ᠶ᠋ᠢᠨ ᠨᠡᠷᠡᠲᠦ ᠨᠡᠪᠲᠡᠷᠡᠭᠦᠯᠦᠭᠴᠢ᠂ ᠬᠥᠯᠥᠨ ᠪᠣᠶᠢᠷ ᠳᠡᠭᠡᠳᠦ ᠰᠤᠷᠭᠠᠭᠤᠯᠢ ᠶ᠋ᠢᠨ ᠤᠮᠠᠷᠠᠲᠤ ᠶ᠋ᠢᠨ ᠦᠨᠳᠦᠰᠦᠲᠡᠨ ‍ᠤ ᠤᠷᠠᠯᠢᠭ ᠰᠣᠳᠣᠯᠣᠯ ‍ᠤᠨ ᠬᠦᠷᠢᠶᠡᠯᠡᠩ ‍ᠤᠨ ᠳᠠᠷᠤᠭ᠎ᠠ ᠵᠢᠴᠢ ᠬᠥᠯᠥᠨ ᠪᠣᠶᠢᠷ ᠳᠡᠭᠡᠳᠦ ᠰᠤᠷᠭᠠᠭᠤᠯᠢ ᠶ᠋ᠢᠨ ᠤᠮᠠᠷᠠᠲᠤ ᠶ᠋ᠢᠨ ᠴᠥᠬᠡᠨ ᠲᠣᠭᠠᠲᠤ ᠦᠨᠳᠦᠰᠦᠲᠡᠨ ‍ᠤ ᠤᠷᠠᠯᠢᠭ ‍ᠤᠨ ᠪᠦᠯᠬᠦᠮ ‍ᠤᠨ ᠳᠠᠷᠤᠭ᠎ᠠ᠃ 1960 ᠣᠨ ᠳ᠋ᠤ ᠬᠥᠯᠥᠨ ᠪᠣᠶᠢᠷ ᠬᠣᠲᠠ ᠶ᠋ᠢᠨ ᠰᠢᠨ᠎ᠡ ᠪᠠᠷᠭᠤ ᠵᠡᠭᠦᠨ ᠬᠣᠰᠢᠭᠤᠨ ‍ᠤ ᠪᠠᠶᠠᠨᠲᠠᠯ᠎ᠠ ᠰᠣᠮᠣᠨ ᠳ᠋ᠤ ᠲᠥᠷᠥᠪᠡ᠃ 1978 — 1980 ᠣᠨ ‍ᠤ ᠬᠣᠭᠣᠷᠣᠨᠳᠣ ᠡᠸᠡᠩᠬᠢ ᠬᠣᠰᠢᠭᠤᠨ ‍ᠤ ᠤᠯᠠᠭᠠᠨᠮᠦ᠋ᠴᠢᠷ ‍ᠤᠨ ᠨᠠᠶᠢᠳᠠᠯᠭ᠎ᠠ ᠲᠠᠢ ᠪᠠᠷ ᠥᠪᠥᠷ ᠮᠣᠩᠭᠣᠯ ‍ᠤᠨ ᠤᠷᠠᠯᠢᠭ ‍ᠤᠨ ᠰᠤᠷᠭᠠᠭᠤᠯᠢ ᠳ᠋ᠤ ᠬᠦᠷᠴᠦ ᠮᠣᠩᠭᠣᠯ ᠤᠷᠲᠤ ᠶ᠋ᠢᠨ ᠳᠠᠭᠤᠤ ᠶ᠋ᠢᠨ ᠮᠡᠷᠭᠡᠵᠢᠯ ᠬᠢᠭᠡᠳ ᠮᠣᠷᠢᠨ ᠬᠤᠭᠤᠷ ‍ᠤᠨ ᠮᠡᠷᠭᠡᠵᠢᠯ ᠰᠤᠷᠪᠠ᠃ 1980 — 1983 ᠣᠨ ‍ᠤ ᠬᠣᠭᠣᠷᠣᠨᠳᠣ ᠥᠪᠥᠷ ᠮᠣᠩᠭᠣᠯ ‍ᠤᠨ ᠤᠷᠠᠯᠢᠭ ‍ᠤᠨ ᠰᠤᠷᠭᠠᠭᠤᠯᠢ ᠶ᠋ᠢᠨ ᠬᠥᠯᠥᠨ ᠪᠣᠶᠢᠷ ᠠᠶᠢᠮᠠᠭ ᠳᠡᠬᠢ ᠬᠤᠪᠢᠶᠠᠷᠢ ᠰᠤᠷᠭᠠᠭᠤᠯᠢ ᠳ᠋ᠤ ᠦᠷᠭᠦᠯᠵᠢᠯᠡᠨ ᠤᠷᠲᠤ ᠶ᠋ᠢᠨ ᠳᠠᠭᠤᠤ ᠬᠢᠭᠡᠳ ᠮᠣᠷᠢᠨ ᠬᠤᠭᠤᠷ ‍ᠤᠨ ᠮᠡᠷᠭᠡᠵᠢᠯ ᠰᠤᠷᠪᠠ᠃ 1983 — 1985 ᠣᠨ ‍ᠤ ᠬᠣᠭᠣᠷᠣᠨᠳᠣ ᠡᠸᠡᠩᠬᠢ ᠬᠣᠰᠢᠭᠤᠨ ‍ᠤ ᠤᠯᠠᠭᠠᠨᠮᠦ᠋ᠴᠢᠷ ᠲᠤ ᠭᠣᠴᠣᠯᠠᠯ ᠳᠠᠭᠤᠴᠢᠨ᠂ ᠮᠣᠷᠢᠨ ᠬᠤᠭᠤᠷᠴᠢᠨ ᠢᠶᠠᠷ ᠠᠵᠢᠯᠯᠠᠪᠠ᠃ 1985 — 1990 ᠣᠨ ‍ᠤ ᠬᠣᠭᠣᠷᠣᠨᠳᠣ ᠬᠥᠯᠥᠨ ᠪᠣᠶᠢᠷ ᠠᠶᠢᠮᠠᠭ ‍ᠤᠨ ᠺᠢᠨᠣ᠋ ᠶ᠋ᠢᠨ ᠦᠢᠯᠡᠳᠪᠦᠷᠢ ᠶ᠋ᠢᠨ ᠮᠣᠩᠭᠣᠯ ᠠᠪᠢᠶᠠᠯᠠᠭ᠎ᠠ ᠶ᠋ᠢᠨ ᠬᠡᠯᠲᠡᠰ ᠲᠤ ᠠᠪᠢᠶᠠᠯᠠᠭᠴᠢ ᠬᠢᠭᠡᠳ ᠤᠷᠴᠢᠭᠤᠯᠤᠭᠴᠢ ᠪᠠᠷ ᠠᠵᠢᠯᠯᠠᠪᠠ᠃ 1990 ᠣᠨ ᠡᠴᠠ ᠣᠳᠣ ᠪᠣᠯᠲᠠᠯ᠎ᠠ ᠣᠯᠠᠨ ᠤᠯᠤᠰ ‍ᠤᠨ ᠷᠠᠳᠢᠣ᠋ ᠬᠣᠷᠢᠶ᠎ᠠ ᠶ᠋ᠢᠨ ᠮᠣᠩᠭᠣᠯ ᠨᠠᠶᠢᠷᠠᠭᠤᠯᠬᠤ ᠬᠡᠯᠲᠡᠰ ᠲᠤ  ᠠᠵᠢᠯᠯᠠᠭᠰᠠᠭᠠᠷ ᠁

ᠠᠮᠵᠢᠯᠲᠠ ᠪᠦᠲᠦᠭᠡᠯ ᠡᠴᠠ ᠨᠢ ᠴᠣᠬᠣᠰ ᠳᠤᠷᠠᠳᠪᠠᠯ᠄

      1987 ᠣᠨ ᠳ᠋ᠤ ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ ᠠᠩᠬᠠᠳᠠᠭᠴᠢ ᠤᠳᠠᠭᠠᠨ ‍ᠤ ᠮᠣᠩᠭᠣᠯ ᠳᠠᠭᠤᠤ ᠶ᠋ᠢᠨ ᠲᠸᠯᠸᠢᠰ ᠱᠠᠩᠨᠠᠯᠲᠤ ᠤᠷᠤᠯᠳᠤᠭᠠᠨ ᠳ᠋ᠤ ᠬᠣᠶᠠᠳᠤᠭᠠᠷ ᠳᠡᠰ ‍ᠤᠨ ᠱᠠᠩᠨᠠᠯ ᠬᠦᠷᠲᠡᠪᠡ᠃ 1988 ᠣᠨ ᠳ᠋ᠤ ᠪᠦᠬᠦ ᠤᠯᠤᠰ ‍ᠤᠨ ᠴᠥᠬᠡᠨ ᠲᠣᠭᠠᠲᠤ ᠦᠨᠳᠦᠰᠦᠲᠡᠨ ‍ᠤ ᠠᠩᠬᠠᠳᠤᠭᠠᠷ ᠤᠳᠠᠭᠠᠨ ‍ᠤ ᠵᠠᠯᠠᠭᠤ ᠳᠠᠭᠤᠴᠢᠳ ‍ᠤᠨ ᠶᠡᠬᠡ ᠱᠠᠩᠨᠠᠯᠲᠤ  ᠤᠷᠤᠯᠳᠤᠭᠠᠨ ᠳ᠋ᠤ ᠨᠢᠭᠡᠳᠦᠭᠡᠷ  ᠳᠡᠰ ‍ᠤᠨ ᠱᠠᠩᠨᠠᠯ ᠬᠦᠷᠲᠡᠪᠡ᠃ 1998 ᠣᠨ ᠳ᠋ᠤ ᠣᠷᠣᠰ᠂ ᠠᠮᠸᠷᠢᠺᠠ᠂ ᠶᠠᠫᠣᠨ᠂ ᠢᠰᠫᠠᠨᠢ᠂ ᠮᠣᠩᠭᠣᠯ᠂ ᠹᠷᠠᠨᠽᠢ᠂ ᠭᠸᠷᠮᠠᠨ ᠂ ᠬᠣᠯᠠᠨᠳ᠋ ᠵᠡᠷᠭᠡ ᠤᠯᠤᠰ ᠢᠶᠠᠷ ᠬᠦᠷᠴᠦ ᠲᠣᠭᠯᠠᠯᠲᠠ ᠭᠠᠷᠭᠠᠪᠠ᠃ 2006 ᠣᠨ ᠳ᠋ᠤ 《 ᠴᠢᠨᠳᠠᠮᠣᠨᠢ ᠡᠷᠳᠡᠨᠢ 》 ᠳᠠᠭᠤᠤ ᠪᠠᠷ ᠢᠶᠡᠨ ᠲᠥᠪ ‍ᠤᠨ ᠲᠸᠯᠸᠢᠰ ᠬᠣᠷᠢᠶ᠎ᠠ ᠶ᠋ᠢᠨ ᠴᠠᠭᠠᠨ ᠰᠠᠷ᠎ᠠ ᠶ᠋ᠢᠨ ᠤᠷᠠᠨ ᠰᠠᠶᠢᠬᠠᠨ ‍ᠤ ᠦᠳᠡᠰᠢᠯᠡᠭᠡ ᠳ᠋ᠤ ᠣᠷᠣᠯᠴᠠᠭᠠᠳ ᠦᠵᠡᠭᠴᠢᠳ ᠲᠤ ᠬᠠᠮᠤᠭ  ᠡᠴᠠ ᠲᠠᠭᠠᠰᠢᠶᠠᠭᠳᠠᠭᠰᠠᠨ  ᠳᠠᠭᠤᠴᠢᠨ ᠢᠶᠠᠷ  ᠰᠣᠩᠭᠣᠭᠳᠠᠪᠠ᠃ 2006 ᠣᠨ ᠳ᠋ᠤ ᠪᠦᠰᠡᠭᠦᠢ ᠤᠷᠠᠨ᠎ᠠ ᠲᠠᠢ ᠪᠠᠨ ᠬᠠᠮᠲᠤ 《 ᠲᠠᠯ᠎ᠠ ᠶ᠋ᠢᠨ ᠲᠠᠩᠰᠤᠭ ᠬᠥᠯᠥᠨ ᠪᠣᠶᠢᠷ ᠨᠠᠶᠢᠷᠠᠯ ᠳᠠᠭᠤᠤ ᠶ᠋ᠢᠨ ᠪᠦᠯᠬᠦᠮ 》 ‍ᠢ ᠰᠡᠳᠦᠨ ᠪᠠᠶᠢᠭᠤᠯᠵᠤ᠂ ᠪᠦᠬᠦ ᠤᠯᠤᠰ ‍ᠤᠨ ᠡᠯ᠎ᠡ ᠭᠠᠵᠠᠷ ᠢᠶᠠᠷ ᠬᠦᠷᠴᠦ ᠲᠣᠭᠯᠠᠯᠲᠠ ᠭᠠᠷᠭᠠᠪᠠ᠃ 2007 ᠣᠨ ᠳ᠋ᠤ ᠲᠡᠭᠦᠨ ‍ᠤ 《 ᠴᠢᠨᠳᠠᠮᠣᠨᠢ ᠡᠷᠳᠡᠨᠢ 》 ᠬᠡᠮᠡᠬᠦ ᠪᠦᠲᠦᠭᠡᠯ ᠨᠢ ᠲᠥᠪ ᠬᠣᠷᠢᠶ᠎ᠠ ᠶ᠋ᠢᠨ ᠤᠬᠠᠭᠤᠯᠬᠤ  ᠬᠡᠯᠲᠡᠰ ᠡᠴᠠ ᠣᠯᠭᠣᠭᠰᠠᠨ ᠠᠷᠪᠠᠳᠤᠭᠠᠷ ᠬᠤᠭᠤᠴᠠᠭᠠᠨ ‍ᠤ ᠣᠶᠣᠨ ‍ᠤ ᠪᠣᠯᠪᠠᠰᠤᠨ ‍ᠤ ᠪᠦᠲᠦᠭᠡᠨ ᠪᠠᠶᠢᠭᠤᠯᠤᠯᠲᠠ ᠶ᠋ᠢᠨ 《 5.1 ᠢᠨᠵᠸᠨ᠋ᠸᠷᠢᠩ 》 ‍ᠤᠨ ᠱᠠᠩᠨᠠᠯ ‍ᠢ ᠲᠣᠰᠪᠠ᠃ 2011 ᠣᠨ ᠳ᠋ᠤ ᠲᠡᠭᠦᠨ ‍ᠤ ᠤᠳᠤᠷᠢᠳᠤᠭᠠᠭᠰᠠᠨ 《 ᠣᠯᠭᠤᠶᠠ 》 ᠤᠷᠠᠯᠢᠭ ‍ᠤᠨ ᠪᠦᠯᠬᠦᠮ ‍ᠤᠨ ᠳᠠᠭᠤᠯᠠᠯᠲᠤ ᠵᠦᠴᠦᠭᠡ ᠨᠢ ᠳᠦᠷᠪᠡᠳᠦᠭᠡᠷ ᠬᠤᠭᠤᠴᠠᠭᠠᠨ ‍ᠤ ᠣᠯᠠᠨ ᠤᠯᠤᠰ ‍ᠤᠨ ᠦᠨᠳᠦᠰᠦᠲᠡᠨ ‍ᠤ ᠰᠣᠶᠣᠯ ‍ᠤᠨ ᠨᠠᠶᠢᠷ ᠲᠤ ᠣᠷᠣᠯᠴᠠᠭᠠᠳ 《 ᠳᠡᠯᠡᠬᠡᠢ ᠶ᠋ᠢᠨ ᠦᠨᠳᠦᠰᠦᠲᠡᠨ ‍ᠤ ᠰᠣᠶᠣᠯ ‍ᠤᠨ ᠬᠥᠭᠵᠢᠯᠲᠡ ᠳ᠋ᠤ ᠣᠨᠴᠠ ᠵᠢᠳᠬᠦᠯ ᠦᠵᠡᠭᠦᠯᠦᠭᠰᠡᠨ 》 ᠱᠠᠩᠨᠠᠯ ‍ᠢ  ᠲᠣᠰᠪᠠ᠃ 2014 ᠣᠨ ᠳ᠋ᠤ ᠲᠡᠭᠦᠨ ‍ᠤ ᠳᠠᠭᠤᠯᠠᠭᠰᠠᠨ 《 ᠮᠡᠷᠭᠡᠯ ᠭᠣᠣᠯ 》 ᠬᠡᠮᠡᠬᠦ ᠳᠠᠭᠤᠤ ᠨᠢ ᠥᠪᠥᠷ ᠮᠣᠩᠭᠣᠯ ‍ᠤᠨ ᠥᠪᠡᠷᠲᠡᠭᠡᠨ ᠵᠠᠰᠠᠬᠤ ᠣᠷᠣᠨ ‍ᠤ 《 5.1 ᠢᠨᠵᠸᠨ᠋ᠸᠷᠢᠩ 》 ‍ᠤᠨ ᠱᠠᠩᠨᠠᠯ ‍ᠢ ᠲᠣᠰᠴᠠᠢ᠃ ᠡᠭᠦᠨ ᠡᠴᠠ ᠭᠠᠳᠠᠨ᠎ᠠ᠂ 2005 ᠣᠨ ᠳ᠋ᠤ ᠠᠮᠢ ᠠᠬᠤᠢ ᠬᠦᠨᠳᠦ ᠨᠣᠴᠢᠳᠠᠢ ᠡᠪᠳᠡᠭᠳᠡᠨ ᠰᠦᠢᠳᠴᠦ᠂ ᠣᠷᠴᠢᠨ ᠲᠣᠭᠣᠷᠢᠨ ᠪᠣᠵᠠᠷᠳᠠᠵᠤ ᠪᠠᠶᠢᠭ᠎ᠠ ᠪᠠᠶᠢᠳᠠᠯ ᠳ᠋ᠤ ᠵᠣᠷᠢᠭᠤᠯᠤᠨ ᠠᠮᠢ ᠠᠬᠤᠢ ᠶ᠋ᠢ ᠬᠠᠮᠠᠭᠠᠯᠠᠬᠤ ᠰᠠᠶᠢᠨ ᠳᠤᠷᠠᠴᠤᠳ ‍ᠤᠨ ᠨᠡᠶᠢᠭᠡᠮᠯᠢᠭ ᠪᠠ ᠭᠡᠷ ‍ᠤᠨ ᠨᠦᠬᠦᠴᠡᠯ ᠨᠢ ᠠᠨᠠᠢ᠂ ᠶᠠᠳᠠᠭᠤ ᠬᠦᠴᠢᠷᠳᠡᠯᠲᠡᠢ ᠬᠡᠦᠬᠡᠳ ‍ᠤᠳ ‍ᠢ  ᠲᠤᠰᠠᠯᠠᠨ ᠳᠡᠮᠵᠢᠬᠦ ᠪᠠᠷ 《 ᠳᠠᠪᠤᠨ ᠲᠠᠩᠰᠤᠭ 》 ᠬᠡᠦᠬᠡᠳ ‍ᠤᠨ ᠰᠠᠭᠤᠷᠢ ᠮᠥᠩᠭᠥᠨ ‍ᠤ ᠨᠡᠶᠢᠭᠡᠮᠯᠢᠭ ‍ᠢ ᠲᠤᠰ ᠲᠤᠰ ᠪᠠᠶᠢᠭᠤᠯᠵᠤ᠂ ᠥᠪᠡᠷ ‍ᠤᠨ ᠠᠮᠢᠳᠤᠷᠠᠬᠤᠢ ᠶ᠋ᠢᠨ ᠥᠷᠲᠡᠭ᠂ ᠡᠷᠬᠢᠮ ᠳᠡᠭᠡᠳᠦ ᠵᠠᠩ ᠰᠤᠷᠳᠠᠯ ᠢᠶᠡᠨ ᠢᠯᠡᠷᠡᠭᠦᠯᠦᠨ᠂ ᠨᠡᠶᠢᠭᠡᠮ ᠨᠡᠶᠢᠲᠡ᠂ ᠠᠷᠠᠳ ᠲᠦᠮᠡᠨ ᠳ᠋ᠤ ᠪᠠᠨ ᠥᠪᠡᠷ ‍ᠤᠨ ᠭᠡᠰᠡᠨ ᠬᠦᠴᠦᠨ ᠵᠢᠳᠬᠦᠯ᠂ ᠬᠤᠪᠢ ᠨᠡᠮᠡᠷᠢ ᠪᠠᠨ ᠦᠵᠡᠭᠦᠯᠵᠡᠢ᠃

          

              


              


              ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ