ᠮᠣᠩᠭᠣᠯ ᠦᠨᠳᠦᠰᠦᠲᠡᠨ ‍ᠤ ᠠᠯᠳᠠᠷᠲᠤ ᠳᠠᠭᠤᠴᠢᠨ ᠴᠢᠯᠠᠭᠤᠨᠪᠠᠲᠤ

ᠤᠩᠰᠢᠭᠰᠠᠨ ᠤᠳᠠᠭ᠎ᠠ ᠄ 852    ᠨᠡᠶᠢᠳᠡᠯᠡᠭᠰᠡᠨ ᠴᠠᠭ ᠄ 2016-07-14

      ᠴᠢᠯᠠᠭᠤᠨᠪᠠᠲᠤ᠂ ᠮᠣᠩᠭᠣᠯ ᠦᠨᠳᠦᠰᠦᠲᠡᠨ ‍ᠤ ᠠᠯᠳᠠᠷᠲᠤ ᠤᠷᠲᠤ ᠶ᠋ᠢᠨ ᠳᠠᠭᠤᠴᠢᠨ᠂ ᠠᠯᠳᠠᠷᠲᠤ ᠰᠤᠷᠭᠠᠨ ᠬᠦᠮᠦᠵᠢᠭᠦᠯᠦᠭᠴᠢ᠂ ᠳᠠᠷᠬᠠᠨ ᠳᠠᠭᠤᠴᠢᠨ ᠪᠤᠶᠠᠨᠳᠡᠯᠭᠡᠷ ‍ᠤᠨ ᠭᠠᠷ ᠱᠠᠪᠢ᠂ ᠥᠪᠥᠷ ᠮᠣᠩᠭᠣᠯ ᠤᠨ ᠤᠷᠠᠯᠢᠭ ‍ᠤᠨ ᠳᠡᠭᠡᠳᠦ ᠰᠤᠷᠭᠠᠭᠤᠯᠢ ᠶ᠋ᠢᠨ ᠳᠡᠳ᠋ ᠫᠷᠦᠹᠸᠰᠰᠣᠷ᠂ ᠥᠪᠥᠷ ᠮᠣᠩᠭᠣᠯ ‍ᠤᠨ ᠤᠷᠲᠤ ᠶ᠋ᠢᠨ ᠳᠠᠭᠤᠤ ᠰᠤᠳᠤᠯᠬᠤ ᠨᠡᠶᠢᠭᠡᠮᠯᠢᠭ ‍ᠤᠨ ᠳᠡᠳ᠋ ᠳᠠᠷᠤᠭ᠎ᠠ᠃ 1962 ᠣᠨ ᠳᠤ ᠣᠷᠳᠣᠰ ᠬᠣᠳᠠ ᠶ᠋ᠢᠨ ᠬᠠᠩᠭᠢᠨ ᠬᠣᠰᠢᠭᠤᠨ ᠳᠤ ᠲᠥᠷᠥᠪᠡ᠃ 1978 ᠣᠨ ᠳᠤ ᠦᠪᠦᠷ ᠮᠣᠩᠭᠣᠯ ᠤᠨ ᠣᠷᠠᠯᠢᠭ ᠤᠨ ᠰᠣᠷᠭᠠᠭᠤᠯᠢ ᠳᠤ ᠰᠢᠯᠭᠠᠨ ᠣᠷᠣᠵᠦ᠂ ᠣᠷᠳᠣ ᠶ᠋ᠢᠨ ᠳᠠᠭᠤᠤ ᠶ᠋ᠢᠨ ᠮᠡᠷᠭᠡᠵᠢᠯ ᠰᠤᠷᠪᠠ᠃ 1986 ᠣᠨ ᠳᠤ ᠱᠠᠩᠬᠠᠢ ᠶ᠋ᠢᠨ ᠳᠠᠭᠣᠤ ᠬᠦᠭᠵᠢᠮ ᠤᠨ ᠳᠡᠭᠡᠲᠦ ᠰᠣᠷᠭᠠᠭᠤᠯᠢ ᠳᠤ ᠰᠢᠯᠭᠠᠨ ᠣᠷᠣᠵᠤ ᠰᠤᠷᠤᠯᠴᠠᠪᠠ᠃

     1992 ᠣᠨ ᠳᠤ ᠪᠦᠬᠦ ᠣᠯᠣᠰ ᠤᠨ ᠴᠦᠬᠡᠨ ᠳᠣᠭᠠᠳᠣ ᠦᠨᠳᠦᠰᠦᠲᠡᠨ ᠤ ᠳᠠᠭᠤᠤ ᠶ᠋ᠢᠨ ᠮᠦᠷᠦᠶᠢᠴᠡᠭᠡᠨ ᠳᠤ ᠮᠦᠩᠭᠦᠨ ᠮᠸᠳᠡᠯ ᠲᠣᠰᠴᠤ᠂ 1993 ᠣᠨ ᠳᠤ ᠮᠣᠩᠭᠣᠯ ᠣᠯᠣᠰ ᠤᠨ ᠰᠣᠶᠣᠯ ᠤᠨ ᠶᠠᠮᠤᠨ ᠡᠴᠡ ᠡᠷᠬᠢᠯᠡᠨ ᠶᠠᠪᠤᠭᠳᠠᠭᠤᠯᠤᠭᠰᠠᠨ 《 ᠣᠯᠠᠨ ᠣᠯᠣᠰ ᠤᠨ ᠠᠷᠠᠳ ᠤᠨ ᠳᠠᠭᠤᠤ 》 ᠶ᠋ᠢᠨ ᠮᠦᠷᠦᠶᠢᠴᠡᠭᠡᠨ ᠳᠤ ᠮᠦᠩᠭᠦᠨ ᠮᠸᠳᠡᠯ ᠭᠠᠷᠳᠠᠪᠠ᠃ 1995 ᠣᠨ ᠳ᠋ᠤ ᠺᠠᠨᠠᠳᠠ ᠤᠯᠤᠰ ᠲᠤ ᠪᠣᠯᠣᠭᠰᠠᠨ ᠣᠯᠠᠨ ᠤᠯᠤᠰ ‍ᠤᠨ ᠺᠢᠨᠣ᠋ ᠶ᠋ᠢᠨ ᠨᠠᠶᠢᠷ ᠲᠤ 《 ᠭᠠᠩᠭᠠᠩ ᠬᠠᠷ᠎ᠠ 》 ᠬᠡᠮᠡᠬᠦ ᠺᠢᠨᠣ᠋ ᠶ᠋ᠢᠨ ᠭᠣᠣᠯ ᠳᠠᠭᠤᠤ ᠶ᠋ᠢ ᠳᠠᠭᠤᠯᠠᠭᠰᠠᠨ ᠢᠶᠠᠷ ᠠᠶ᠎ᠠ ᠳᠠᠭᠤᠤ ᠶ᠋ᠢᠨ ᠲᠣᠮᠣ ᠱᠠᠩᠨᠠᠯ ᠲᠣᠰᠪᠠ᠃ 1997 ᠣᠨ ᠳᠤ ᠪᠦᠬᠦ ᠣᠯᠣᠰ ᠤᠨ ᠠᠷᠠᠳ ᠤᠨ  ᠳᠠᠭᠤᠤ ᠶ᠋ᠢᠨ ᠶᠡᠬᠡ ᠣᠷᠣᠯᠳᠣᠭᠠᠨ ᠳᠤ ᠬᠤᠶᠠᠳᠣᠭᠠᠷ ᠳᠡᠰ ᠤᠨ ᠱᠠᠩᠨᠠᠯ ᠬᠦᠷᠲᠡᠪᠡ᠃ 2000 ᠣᠨ ᠳᠤ ᠤᠯᠤᠰ ‍ᠤᠨ ᠰᠣᠶᠣᠯ ᠤᠨ ᠶᠠᠮᠤᠨ ᠬᠢᠭᠡᠳ ᠪᠦᠬᠦ ᠣᠯᠣᠰ ᠤᠨ ᠵᠠᠯᠠᠭᠤᠴᠣᠳ ᠤᠨ ᠬᠤᠯᠪᠣᠭ᠎ᠠ ᠡᠴᠡ ᠡᠷᠬᠢᠯᠡᠭᠰᠡᠨ 《 ᠡᠬᠡ ᠣᠯᠣᠰ ᠤᠨ ᠰᠡᠳᠭᠢᠯ ᠵᠢᠷᠦᠬᠡ 》 ᠬᠡᠮᠡᠬᠦ ᠣᠤᠮᠸᠨ ᠡᠬᠡ ᠣᠯᠣᠰ ᠲᠠᠭᠠᠨ ᠪᠣᠴᠠᠭᠰᠠᠨ 100 ᠡᠳᠦᠷ ᠤᠨ ᠤᠢ ᠶ᠋ᠢ ᠪᠡᠯᠭᠡᠯᠡᠬᠦ ᠳᠠᠭᠣᠤ ᠬᠦᠭᠵᠢᠮ ᠤᠨ ᠶᠡᠬᠡ ᠦᠳᠡᠰᠢᠯᠡᠭᠡ ᠳᠤ ᠣᠷᠣᠯᠴᠠᠪᠠ᠃ 《 ᠭᠠᠩᠭᠠᠩ ᠬᠠᠷ᠎ᠠ 》᠂ 《 ᠡᠵᠢ ᠳ᠋ᠡᠭᠡᠨ ᠡᠷᠭᠦᠭᠰᠡᠨ ᠳᠠᠭᠤᠤ 》᠂ 《 ᠬᠡᠶᠢᠮᠣᠷᠢ ᠳᠠᠯᠠᠯᠤᠭᠰᠠᠨ ᠣᠷᠳᠣᠰ 》᠂ 《 ᠬᠥᠮᠥᠨ ᠵᠠᠶᠠᠭᠠᠨ ‍ᠤ ᠥᠯᠥᠭᠡᠢ 》 ᠵᠡᠷᠭᠡ ᠳᠠᠭᠤᠤ ᠪᠠᠷ ᠢᠶᠡᠨ ᠦᠵᠡᠭᠴᠢᠳ ᠰᠣᠨᠣᠰᠣᠭᠴᠢᠳ ‍ᠤᠨ ᠢᠶᠡᠨ ᠪᠠᠬᠠᠷᠬᠠᠯ ᠲᠠᠭᠠᠰᠢᠶᠠᠯ ‍ᠢ ᠬᠦᠷᠲᠡᠭᠰᠡᠨ ᠡᠴᠠ ᠭᠠᠳᠠᠨ᠎ᠠ ᠤᠷᠢᠳ ᠬᠣᠵᠢᠳ ᠮᠠᠰᠢ ᠣᠯᠠᠨ ᠭᠠᠷ ‍ᠤᠨ ᠱᠠᠪᠢ ᠬᠦᠮᠦᠵᠢᠭᠦᠯᠵᠦ᠂ ᠦᠨᠳᠦᠰᠦᠲᠡᠨ ‍ᠤ ᠪᠠᠨ ᠳᠠᠭᠤᠤ ᠤᠷᠠᠯᠢᠭ ‍ᠤᠨ ᠦᠢᠯᠡᠰ ᠲᠤ ᠭᠠᠪᠢᠶ᠎ᠠ ᠵᠢᠳᠬᠦᠯ ᠢᠶᠡᠨ ᠦᠵᠡᠭᠦᠯᠦᠭᠰᠡᠭᠡᠷ ᠢᠷᠡᠵᠡᠢ᠃

  

              


              

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ