ᠠᠯᠳᠠᠷᠲᠤ ᠤᠷᠲᠤ ᠶᠢᠨ ᠳᠠᠭᠤᠴᠢᠨ ᠬᠠᠰᠪᠠᠲᠤ

ᠤᠩᠰᠢᠭᠰᠠᠨ ᠤᠳᠠᠭ᠎ᠠ ᠄ 732    ᠨᠡᠶᠢᠳᠡᠯᠡᠭᠰᠡᠨ ᠴᠠᠭ ᠄ 2016-07-15

      ᠬᠠᠰᠪᠠᠲᠤ᠂ ᠤᠯᠠᠭᠠᠨᠬᠠᠳᠠ ᠬᠣᠲᠠ ᠶ᠋ᠢᠨ ᠣᠩᠨᠢᠭᠤᠳ ᠬᠣᠰᠢᠭᠤᠨ ᠳ᠋ᠤ ᠨᠤᠲᠤᠭ ᠲᠠᠢ᠂ ᠤᠯᠤᠰ ‍ᠤᠨ ᠨᠢᠭᠡᠳᠦᠭᠡᠷ ᠳᠡᠰ ‍ᠤᠨ ᠲᠣᠭᠯᠠᠭᠴᠢ᠂ ᠤᠯᠠᠭᠠᠨᠬᠠᠳᠠ ᠬᠣᠲᠠ ᠶ᠋ᠢᠨ ᠦᠨᠳᠦᠰᠦᠲᠡᠨ ‍ᠤ ᠳᠠᠭᠤᠤ ᠪᠥᠵᠢᠭ ‍ᠤᠨ ᠪᠥᠯᠬᠥᠮ ‍ᠤᠨ ᠤᠷᠲᠤ ᠶ᠋ᠢᠨ ᠳᠠᠭᠤᠴᠢᠨ᠃ ᠳᠤᠮᠳᠠᠳᠤ ᠤᠯᠤᠰ ‍ᠤᠨ ᠴᠥᠬᠡᠨ ᠲᠣᠭᠠᠲᠤ ᠦᠨᠳᠦᠰᠦᠲᠡᠨ ‍ᠤ ᠳᠠᠭᠤᠤ ᠬᠥᠭᠵᠢᠮᠴᠢᠳ ‍ᠤᠨ ᠨᠡᠶᠢᠭᠡᠮᠯᠢᠭ ᠦᠨ ᠭᠡᠰᠢᠭᠦᠨ᠂ ᠳᠤᠮᠳᠠᠳᠤ ᠤᠯᠤᠰ ‍ᠤᠨ ᠴᠥᠬᠡᠨ ᠲᠣᠭᠠᠲᠤ ᠦᠨᠳᠦᠰᠦᠲᠡᠨ ‍ᠤ ᠳᠠᠭᠤᠯᠠᠬᠤᠢ ᠶ᠋ᠢᠨ ᠨᠡᠶᠢᠭᠡᠮᠯᠢᠭ ‍ᠤᠨ ᠭᠡᠰᠢᠭᠦᠨ᠂ ᠳᠤᠮᠳᠠᠳᠤ ᠤᠯᠤᠰ ‍ᠤᠨ ᠤᠮᠠᠷᠠᠲᠤ ᠶ᠋ᠢᠨ ᠲᠠᠯ᠎ᠠ ᠨᠤᠲᠤᠭ ‍ᠤᠨ ᠰᠣᠶᠣᠯ ‍ᠢ ᠰᠣᠳᠣᠯᠬᠤ ᠨᠡᠶᠢᠭᠡᠮᠯᠢᠭᠤᠨ ᠭᠡᠰᠢᠭᠦᠨ᠂ ᠳᠤᠮᠳᠠᠳᠤ ᠤᠯᠤᠰ ‍ᠤᠨ ᠮᠣᠷᠢᠨ ᠬᠤᠭᠤᠷᠴᠢᠳ ‍ᠤᠨ ᠨᠡᠶᠢᠭᠡᠮᠯᠢᠭ ‍ᠤᠨ ᠭᠡᠰᠢᠭᠦᠨ᠃

      1993 ᠣᠨ ᠳ᠋ᠤ 《 ᠲᠠᠯ᠎ᠠ ᠨᠤᠲᠤᠭ ‍ᠤᠨ ᠠᠯᠲᠠᠨ ᠨᠠᠮᠤᠷ 》 ᠳᠠᠭᠤᠤ ᠶ᠋ᠢᠨ ᠮᠦᠷᠦᠶᠢᠴᠡᠭᠡᠨ ᠳ᠋ᠤ ᠤᠷᠲᠤ ᠶ᠋ᠢᠨ ᠳᠠᠭᠤᠤ ᠶ᠋ᠢᠨ ᠳᠤᠭᠤᠶᠢᠯᠠᠩ ‍ᠤᠨ ᠬᠣᠶᠠᠳᠤᠭᠠᠷ ᠳᠡᠰ ‍ᠤᠨ ᠱᠠᠩᠨᠠᠯ ᠲᠣᠰᠴᠠᠢ᠃ 1994 ᠣᠨ ᠳ᠋ᠤ ᠵᠢᠷᠭᠤᠳᠤᠭᠠᠷ ᠬᠤᠭᠤᠴᠠᠭᠠᠨ ‍ᠤ ᠪᠦᠬᠦ ᠤᠯᠤᠰ ‍ᠤᠨ ᠵᠠᠯᠠᠭᠤ ᠳᠠᠭᠤᠴᠢᠳ ‍ᠤᠨ ᠳᠠᠭᠤᠤ ᠶ᠋ᠢᠨ ᠤᠷᠤᠯᠳᠤᠭᠠᠨ ᠳ᠋ᠤ ᠰᠢᠯᠢᠳᠡᠭ ᠳᠡᠰ ‍ᠤᠨ ᠱᠠᠩᠨᠠᠯ ᠬᠦᠷᠲᠡᠪᠡ᠃ 1996 ᠣᠨ ᠳ᠋ᠤ ᠠᠩᠬᠠᠳᠠᠭᠴᠢ ᠤᠳᠠᠭᠠᠨ ‍ᠤ 《 ᠮᠣᠩᠭᠣᠯ ᠤᠷᠲᠤ ᠶ᠋ᠢᠨ ᠳᠠᠭᠤᠤ ᠶ᠋ᠢᠨ ᠶᠡᠬᠡ ᠤᠷᠤᠯᠳᠤᠭᠠᠨ 》 ᠳ᠋ᠤ ᠠᠯᠲᠠᠨ ᠮᠸᠳᠠᠯ ᠭᠠᠷᠳᠠᠪᠠ᠃ 2000 ᠣᠨ ᠳ᠋ᠤ ᠭᠤᠷᠪᠠᠳᠤᠭᠠᠷ ᠬᠤᠭᠤᠴᠠᠭᠠᠨ ‍ᠤ 《 ᠲᠠᠯ᠎ᠠ ᠨᠤᠲᠤᠭ ᠤᠨ ᠠᠯᠲᠠᠨ ᠨᠠᠮᠤᠷ 》 ᠳᠠᠭᠤᠤ ᠶ᠋ᠢᠨ ᠮᠦᠷᠦᠶᠢᠴᠡᠭᠡᠨ ᠳ᠋ᠤ ᠤᠷᠲᠤ ᠶ᠋ᠢᠨ ᠳᠠᠭᠤᠤ ᠶ᠋ᠢᠨ ᠳᠤᠭᠤᠶᠢᠯᠠᠩ ‍ᠤᠨ ᠮᠥᠩᠭᠥᠨ ᠮᠸᠳᠠᠯ ‍ᠢ ᠲᠣᠰᠪᠠ᠃ 1987 ᠣᠨ ᠡᠴᠠ ᠨᠠᠰᠢ ᠤᠷᠠᠯᠢᠭ ‍ᠤᠨ ᠪᠦᠯᠬᠦᠮ ᠲᠠᠢ ᠬᠠᠮᠲᠤ ᠺᠠᠨᠠᠳᠠ᠂ ᠣᠷᠣᠰ᠂ ᠰᠢᠶᠠᠩᠭᠠᠩ᠂ ᠣᠮᠸᠨ ᠵᠡᠷᠭᠡ ᠣᠯᠠᠨ ᠤᠯᠤᠰ ᠪᠠ ᠭᠠᠵᠠᠷ ᠣᠷᠣᠨ ᠢᠶᠠᠷ ᠬᠦᠷᠴᠦ ᠲᠣᠭᠯᠠᠯᠲᠠ ᠭᠠᠷᠭᠠᠭᠰᠠᠨ ᠪᠠᠶᠢᠨ᠎ᠠ᠃


             

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ