ᠠᠪᠠᠭ᠎ᠠ ᠬᠤᠰᠢᠭᠤ ᠠᠮᠢ ᠠᠬᠤᠢ ᠶ᠋ᠢᠨ ᠵᠤᠭᠠᠴᠠᠯ ᠤᠨ ᠨᠡᠷᠡᠳᠤ ᠲᠦᠷᠦᠯ ᠲᠡᠮᠳᠡᠭ ᠢ ᠡᠭᠦᠳᠴᠦ ᠪᠠᠶᠢᠨ᠎ᠠ

ᠤᠩᠰᠢᠭᠰᠠᠨ ᠤᠳᠠᠭ᠎ᠠ ᠄ 785    ᠨᠡᠶᠢᠳᠡᠯᠡᠭᠰᠡᠨ ᠴᠠᠭ ᠄ 2016-08-01

     ᠠᠪᠠᠭ᠎ᠠ ᠬᠤᠰᠢᠭᠤ ᠣᠶᠢᠷ᠎ᠠ ᠶ᠋ᠢᠨ ᠵᠢᠯ ᠡᠴᠠ ᠨᠠᠰᠢ ᠰᠢᠨ᠎ᠡ ᠶ᠋ᠢ ᠡᠭᠦᠳᠬᠦ ᠠᠷᠭ᠎ᠠ ᠵᠠᠮ ᠢ ᠰᠥᠪᠡᠭᠴᠢᠯᠡᠨ᠂ ᠪᠥᠬᠦ ᠬᠦᠴᠦᠨ ᠢᠶᠠᠷ ᠢᠶᠡᠨ ᠠᠮᠢ ᠠᠬᠤᠢ ᠶ᠋ᠢᠨ ᠵᠤᠭᠠᠴᠠᠯ ᠤᠨ ᠦᠢᠯᠡᠰ ᠢ ᠬᠦᠭᠵᠢᠭᠦᠯᠵᠤ᠂ 《 ᠨᠢᠭᠡ ᠰᠠᠭᠤᠷᠢᠨ᠂ ᠬᠤᠶᠠᠷ ᠦᠵᠡᠮᠵᠢ᠂ ᠭᠤᠷᠪᠠᠨ ᠶᠡᠭᠡ ᠲᠤᠭᠤᠷᠢᠭ᠂ ᠳᠦᠷᠪᠡᠨ ᠨᠡᠷᠡᠲᠦ ᠲᠦᠷᠦᠯ  ᠲᠡᠮᠳᠡᠭ 》 ᠢ ᠡᠭᠦᠳᠴᠦ᠂ ᠳᠤᠬᠠᠢ ᠶ᠋ᠢᠨ ᠭᠠᠵᠠᠷ ᠤᠨ ᠮᠠᠯᠴᠢᠤᠨ ᠤᠨ ᠤᠷᠤᠯᠭ᠎ᠠ ᠶ᠋ᠢ ᠨᠡᠮᠡᠭᠳᠡᠭᠦᠯᠵᠤ ᠪᠠᠶᠢᠨ᠎ᠠ᠃ 《 ᠴᠢᠩᠭᠢᠰ ᠪᠤᠭᠳᠠ ᠠᠭᠤᠯᠠ ᠶ᠋ᠢᠨ ᠲᠠᠬᠢᠯᠭ᠎ᠠ 》᠂ 《 ᠪᠡᠯᠭᠦᠳᠠᠢ ᠶ᠋ᠢᠨ ᠲᠠᠬᠢᠯᠭ᠎ᠠ 》᠂ 《 ᠬᠠᠷ᠎ᠠ ᠠᠳᠤᠭᠤᠨ ᠰᠤᠶᠤᠯ ᠤᠨ ᠨᠤᠲᠤᠭ 》ᠪᠠ 《 ᠳᠤᠮᠳᠠᠳᠤ ᠤᠯᠤᠰ ᠤᠨ ᠴᠡᠭᠡ ᠶ᠋ᠢᠨ ᠨᠤᠳᠤᠭ 》 ᠵᠡᠷᠭᠡ ᠲᠦᠷᠦᠯ ᠲᠡᠮᠳᠡᠭ ᠢᠶᠠᠷ ᠭᠤᠤᠯ ᠪᠤᠯᠭᠠᠵᠤ᠂ 《 ᠬᠠᠷ᠎ᠠ ᠠᠳᠤᠭᠤ᠂ ᠪᠤᠭᠳᠠ ᠠᠭᠤᠯᠠ ᠶ᠋ᠢᠨ ᠲᠠᠬᠢᠯᠭ᠎ᠠ᠂ ᠴᠡᠭᠡ᠂ ᠴᠤᠭᠤᠷ ᠳᠠᠭᠤᠤ᠂ ᠤᠪᠤᠭᠠᠨ ᠳᠠᠬᠢᠯᠭ᠎ᠠ᠂ ᠦᠨᠳᠦᠰᠦᠳᠡᠨ ᠤ ᠦᠪᠡᠷᠮᠢᠴᠡ ᠵᠠᠩ ᠳᠠᠳᠬᠠᠯ 》 ᠵᠡᠷᠭᠡ ᠰᠢᠷᠢᠰ ᠰᠤᠶᠤᠯ ᠵᠤᠭᠠᠴᠠᠯ ᠤᠨ ᠠᠵᠢᠯᠯᠠᠭ᠎ᠠ ᠶ᠋ᠢᠨ ᠠᠭᠤᠯᠬᠤᠨ ᠢ ᠠᠭᠤᠳᠠᠯᠵᠤ᠂ ᠣᠨᠴᠠᠭᠠᠶᠢᠯᠠᠨ ᠰᠤᠶᠤᠯ  ᠪᠠ ᠵᠤᠭᠠᠴᠠᠯ ᠢ ᠨᠢᠭᠡᠳᠬᠡᠵᠤ᠂ 《 ᠠᠪᠠᠭ᠎ᠠ ᠠᠶᠢᠯ 》 ᠵᠤᠭᠠᠴᠠᠯ ᠤᠨ ᠴᠢᠭ ᠤᠨ ᠪᠦᠳᠦᠭᠡᠨ ᠪᠠᠢᠭᠤᠯᠤᠯᠳᠠ  ᠵᠢᠴᠢ ᠬᠤᠩᠭᠤᠷᠭᠤᠤᠯ ᠵᠤᠭᠠᠴᠠᠯ ᠤᠨ ᠦᠵᠡᠮᠵᠢ ᠶ᠋ᠢᠨ ᠲᠤᠭᠤᠷᠢᠭ᠂ ᠪᠡᠯᠭᠦᠳᠠᠢ ᠵᠢᠰᠠ ᠵᠤᠭᠠᠴᠠᠯ ᠤᠨ ᠦᠵᠡᠮᠵᠢ ᠶ᠋ᠢᠨ  ᠲᠤᠭᠤᠷᠢᠭ ᠢ 3A ᠳᠡᠰ ᠤᠨ ᠪᠠᠷᠢᠮᠵᠢᠶ᠎ᠠ ᠳ᠋ᠤ ᠬᠦᠷᠭᠡᠪᠡ᠃ ᠲᠡᠤᠬᠡ ᠶ᠋ᠢᠨ ᠳᠤᠷᠠᠰᠬᠠᠯᠳᠤ ᠵᠦᠢᠯᠡᠰ ᠪᠠ ᠪᠤᠳᠠᠰ ᠤᠨ ᠪᠤᠰᠤ ᠰᠤᠶᠤᠯ ᠤᠨ ᠦᠪ ᠢ ᠠᠪᠤᠷᠠᠨ ᠬᠠᠮᠠᠭᠠᠯᠠᠬᠤ ᠡᠷᠴᠢᠮ ᠢᠶᠡᠨ ᠴᠢᠩᠭᠠᠷᠠᠭᠤᠯᠵᠤ᠂ 《ᠠᠯᠳᠠᠨ ᠬᠡᠷᠡᠮ 》᠂ 《 ᠶᠠᠩᠳᠤᠤ ᠰᠦᠮ᠎ᠡ 》 ᠶ᠋ᠢ ᠬᠠᠮᠠᠭᠠᠯᠠᠬᠤ ᠪᠠᠷᠢᠯᠭ᠎ᠠ ᠶ᠋ᠢ ᠡᠬᠢᠯᠡᠭᠦᠯᠵᠦ᠂ ᠴᠢᠩᠭᠢᠰ ᠪᠤᠭᠳᠠ ᠠᠭᠤᠯᠠ ᠶ᠋ᠢᠨ ᠳᠠᠬᠢᠯᠭ᠎ᠠ ᠶ᠋ᠢᠨ ᠠᠵᠢᠯᠯᠠᠭ᠎ᠠ ᠶ᠋ᠢ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠪᠥᠷᠢᠳᠭᠡᠬᠦᠯᠬᠦ ᠪᠠᠷ ᠡᠷᠡᠮᠡᠯᠵᠡᠯᠡᠵᠦ᠂ ᠴᠢᠩᠭᠢᠰ ᠪᠤᠭᠳᠠ ᠠᠭᠤᠯᠠ ᠶ᠋ᠢᠨ ᠳᠠᠬᠢᠯᠭ᠎ᠠ ᠪᠠ ᠴᠠᠭᠠᠨᠨᠠᠭᠤᠷ ᠤᠨ ᠡᠪᠥᠯ ᠤᠨ ᠵᠢᠭᠠᠰᠤ ᠠᠩᠨᠠᠬᠤ ᠶ᠋ᠢ ᠨᠡᠷᠡᠳᠤ ᠲᠦᠷᠦᠯ ᠳᠡᠮᠳᠡᠭ  ᠪᠤᠯᠭᠠᠬᠤ ᠪᠠᠷ ᠰᠠᠨᠠᠭᠠᠴᠢᠯᠠᠵᠤ᠂ ᠠᠪᠠᠭ᠎ᠠ ᠬᠤᠰᠢᠭᠤᠨ ᠤ ᠪᠠᠨ ᠨᠡᠷ᠎ᠡ ᠠᠯᠳᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠤ ᠪᠠᠶᠢᠨ᠎ᠠ᠃ 《 2016 ᠤᠨ ᠤ ᠤᠯᠠᠨ ᠲᠦᠮᠡᠨ ᠤ ᠰᠤᠶᠤᠯ ᠲᠠᠮᠢᠷ ᠵᠤᠭᠠᠴᠠᠯ ᠤᠨ ᠠᠵᠢᠯᠯᠠᠭᠠᠨ ᠤ ᠲᠦᠰᠦᠪ 》 ᠶᠤᠰᠤᠭᠠᠷ᠂ ᠡᠨᠡ ᠵᠢᠯ ᠮᠠᠯᠴᠢᠳ ᠤᠨ ᠰᠤᠯᠠ ᠰᠡᠯᠡᠭᠦᠦ ᠴᠠᠭ ᠢ ᠠᠰᠢᠬᠯᠠᠵᠤ᠂ ᠦᠨᠳᠦᠰᠦᠳᠡᠨ ᠤ ᠤᠯᠠᠮᠵᠢᠯᠠᠯᠲᠤ ᠪᠠᠶᠠᠷ ᠨᠠᠶᠢᠷ ᠨᠠᠭᠠᠳᠤᠮ ᠤᠨ ᠠᠵᠢᠯᠯᠠᠭ᠎ᠠ ᠪᠠᠷ ᠳᠠᠮᠵᠢᠭᠤᠯᠵᠤ 《 ᠨᠤᠳᠤᠭ ᠤᠰᠤ ᠪᠠᠨ ᠮᠠᠭᠳᠠᠨ ᠳᠠᠭᠤᠯᠠᠵᠤ᠂ ᠳᠤᠮᠳᠠᠳᠤ ᠶ᠋ᠢᠨ ᠬᠦᠰᠡᠯ ᠢ ᠳᠡᠷᠬᠡᠯᠰᠢᠬᠦᠯᠬᠦ 》 ᠠᠬᠤᠢ ᠲᠠᠯᠠᠪᠠᠢ ᠶ᠋ᠢᠨ ᠦᠳᠡᠰᠢᠯᠡᠭᠡ ᠶ᠋ᠢ ᠡᠷᠬᠢᠯᠡᠪᠡ᠃ ᠮᠠᠯᠵᠢᠬᠤ ᠤᠷᠤᠨ᠂ ᠰᠤᠷᠭᠠᠭᠤᠯᠢ᠂ ᠨᠡᠶᠢᠭᠡᠮ ᠲᠣᠭᠣᠷᠢᠭ᠂ ᠴᠡᠷᠢᠭ ᠠᠩᠭᠢ ᠳ᠋ᠤ 800 ᠭᠠᠷᠤᠢ ᠲᠠᠯᠠᠪᠠᠢ ᠺᠢᠨᠣ᠋ ᠭᠠᠷᠭᠠᠵᠦ᠂ ᠤᠯᠠᠭᠠᠨᠮᠦ᠋ᠴᠢᠷ ᠨᠢ 100 ᠭᠠᠷᠤᠢ ᠲᠠᠯᠠᠪᠠᠢ ᠲᠤᠭᠤᠷᠢᠨ ᠲᠤᠭᠯᠠᠯᠲᠠ ᠭᠠᠷᠭᠠᠪᠠ᠃ ᠲᠠᠭᠤᠯᠠᠯᠲᠤ  ᠵᠥᠴᠦᠭᠡ 《 ᠪᠡᠯᠭᠦᠳᠠᠢ 》 ᠦᠪᠡᠷᠳᠡᠭᠡᠨ ᠵᠠᠰᠠᠬᠤ ᠤᠷᠤᠨ ᠤ ᠲᠠᠯ᠎ᠠ ᠨᠤᠳᠤᠭ ᠤᠨ ᠰᠤᠶᠤᠯ ᠤᠨ ᠨᠠᠶᠢᠷ ᠲᠤ  ᠰᠤᠩᠭᠤᠭᠳᠠᠨ᠂ ᠤᠯᠤᠰ ᠤᠨ ᠲᠤᠳᠤᠭᠠᠳᠤ ᠭᠠᠳᠠᠭᠠᠳᠤ ᠶ᠋ᠢᠨ ᠲᠤᠭᠤᠷᠢᠨ ᠲᠤᠭᠯᠠᠯᠲᠠ ᠳ᠋ᠤ ᠤᠷᠤᠭᠰᠠᠨ ᠪᠠᠶᠢᠨ᠎ᠠ᠃        

     ᠬᠤᠰᠢᠭᠤᠨ ᠤ ᠪᠠᠨ ᠪᠤᠳᠠᠳᠤ ᠪᠠᠶᠢᠳᠠᠯ ᠡᠴᠠ ᠡᠭᠦᠰᠴᠦ᠂ ᠬᠠᠷᠠᠭᠠᠯᠵᠠᠯ ᠤᠨ ᠲᠦᠷᠦ ᠶ᠋ᠢᠨ ᠪᠤᠳᠤᠯᠭ᠎ᠠ ᠶ᠋ᠢ ᠲᠤᠭᠳᠠᠭᠠᠵᠤ᠂ ᠲᠦᠷᠦ ᠶ᠋ᠢᠨ ᠪᠤᠳᠤᠯᠭ᠎ᠠ ᠪᠠᠷ ᠤᠳᠤᠷᠢᠳᠤᠨ ᠳᠠᠭᠠᠭᠤᠯᠬᠤ ᠪᠠ ᠳᠡᠳᠬᠦᠨ ᠳᠡᠮᠵᠢᠵᠤ᠂ ᠬᠦᠳᠡᠯᠮᠦᠷᠢ ᠭᠦᠴᠦᠨ ᠤ  ᠪᠤᠯᠪᠠᠰᠤᠷᠠᠯ᠂ ᠠᠵᠢᠯ ᠤᠯᠭᠤᠯᠲᠠ᠂ ᠵᠠᠮ ᠨᠡᠪᠳᠡᠷᠡᠯᠭᠡ ᠶ᠋ᠢᠨ  ᠪᠥᠲᠦᠭᠡᠨ ᠪᠠᠶᠢᠭᠤᠯᠤᠯᠲᠠ᠂ ᠦᠵᠡᠮᠵᠢ ᠶ᠋ᠢᠨ ᠲᠤᠭᠤᠷᠢᠭ ᠤᠨ ᠨᠤᠭᠤᠭᠠᠷᠠᠭᠤᠯᠤᠯᠲᠠ  ᠵᠡᠷᠭᠡ ᠠᠵᠢᠯ ᠢ ᠬᠢᠵᠤ᠂ 《 ᠠᠪᠠᠭ᠎ᠠ ᠠᠶᠢᠯ 》 ᠤᠨ ᠡᠵᠡᠨᠲᠡᠨ ᠢ ᠳᠠᠩᠰᠠᠯᠠᠨ ᠲᠡᠮᠳᠡᠭᠯᠡᠵᠤ᠂ 《 ᠠᠪᠠᠭ᠎ᠠ ᠠᠶᠢᠯ 》 ᠤᠨ ᠵᠤᠭᠠᠴᠠᠯ ᠤᠨ ᠨᠡᠶᠢᠭᠡᠮᠯᠢᠭ ᠢ ᠪᠠᠶᠢᠭᠤᠯᠪᠠ᠃ ᠪᠠᠰᠠ ᠵᠤᠭᠠᠴᠠᠯ ᠤᠨ ᠳᠤᠰᠬᠠᠢ ᠮᠡᠷᠭᠡᠵᠢᠯᠲᠡᠡ ᠪᠠ ᠳᠤᠷᠰᠢᠯᠭ᠎ᠠ   ᠰᠠᠶᠢᠲᠠᠢ ᠡᠵᠡᠩᠨᠡᠯᠲᠡ ᠶ᠋ᠢᠨ  ᠬᠦᠮᠦᠨ ᠢ ᠵᠠᠯᠠᠵᠤ᠂ 《ᠠᠪᠠᠭ᠎ᠠ ᠠᠶᠢᠯ 》 ᠤᠨ ᠬᠦᠭᠵᠢᠯᠲᠡ ᠶ᠋ᠢᠨ  ᠤᠨᠴᠠᠯᠢᠭ ᠲᠤ ᠴᠢᠭᠯᠡᠭᠦᠯᠦᠨ᠂ ᠡᠵᠡᠩᠨᠡᠯᠲᠡ ᠶ᠋ᠢᠨ ᠡᠷᠦᠬᠡ ᠳ᠋ᠤ ᠡᠵᠡᠩᠨᠡᠨ ᠬᠠᠮᠢᠶᠠᠷᠬᠤ ᠪᠤᠯᠪᠠᠰᠤᠷᠠᠯ  ᠬᠦᠷᠳᠡᠬᠡᠵᠤ᠂ 《 ᠠᠪᠠᠭ᠎ᠠ ᠠᠶᠢᠯ 》 ᠵᠤᠭᠠᠴᠠᠯ ᠤᠨ ᠲᠦᠷᠦᠯ ᠳᠡᠮᠳᠡᠭ ᠢᠶᠡᠨ ᠪᠠᠳᠤᠳᠬᠠᠨ   ᠬᠦᠭᠵᠢᠬᠦᠯᠦᠭᠰᠡᠨ ᠪᠠᠶᠢᠨ᠎ᠠ᠃

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠠᠷᠢᠭᠤᠨ᠎ᠠ