《 ᠲᠡᠭᠷᠢ ᠲᠠᠯ᠎ᠠ 》 ᠺᠣᠮᠫᠠᠨᠢ ᠶ᠋ᠢᠨ ᠵᠠᠬ᠎ᠠ ᠳᠡᠯᠭᠡᠭᠦᠷ ᠦᠨ ᠬᠡᠯᠲᠡᠰ ‍ᠤᠨ ᠠᠵᠢᠯᠳᠠᠨ ᠡᠯᠰᠡᠬᠦ ᠵᠠᠷ

ᠤᠩᠰᠢᠭᠰᠠᠨ ᠤᠳᠠᠭ᠎ᠠ ᠄ 748    ᠨᠡᠶᠢᠳᠡᠯᠡᠭᠰᠡᠨ ᠴᠠᠭ ᠄ 2016-08-05

ᠦᠪᠦᠷ ᠮᠣᠩᠭᠣᠯ ᠤᠨ 《 ᠳᠡᠭᠷᠢ ᠲᠠᠯ᠎ᠠ ᠰᠣᠶᠣᠯ ᠵᠠᠭᠣᠴᠢ ᠶ᠋ᠢᠨ ᠬᠢᠵᠠᠭᠠᠷᠳᠣ ᠬᠠᠷᠢᠭᠣᠴᠠᠯᠭᠠᠳᠣ ᠺᠣᠮᠫᠠᠨᠢ 》 ᠪᠣᠯ 2006 ᠣᠨ ᠳ᠋ᠤ ᠪᠠᠶᠢᠭᠤᠯᠤᠭᠳᠠᠨᠰᠠᠨ ᠮᠣᠩᠭᠣᠯ ᠰᠣᠶᠣᠯ ᠤᠨ ᠡᠬᠢ ᠪᠠᠶᠠᠯᠢᠭ ‍ᠢ ᠦᠪᠯᠡᠨ ᠬᠦᠮᠦᠷᠭᠡᠯᠡᠵᠦ᠂ ᠰᠦᠯᠵᠢᠶᠡᠴᠢᠯᠡᠯᠲᠡ ᠪᠠ ᠵᠠᠬ᠎ᠠ ᠳᠡᠯᠭᠡᠭᠦᠷᠴᠢᠯᠡᠯᠲᠡ ᠶ᠋ᠢ ᠣᠶᠠᠯᠳᠣᠭᠣᠯᠣᠨ᠂ ᠰᠢᠨᠵᠢᠯᠡᠬᠦ ᠣᠬᠠᠭᠠᠨ ᠰᠢᠨ᠎ᠡ ᠮᠡᠷᠭᠡᠵᠢᠯ ᠢᠶᠠᠷ ᠮᠣᠩᠭᠣᠯ ᠦᠨᠳᠦᠰᠦᠲᠡᠨ ᠤ ᠪᠠᠨ ᠳᠠᠭᠤᠤ ᠬᠥᠭᠵᠢᠮ ‍ᠤᠨ ᠰᠣᠶᠣᠯ ‍ᠢ ᠰᠣᠷᠲᠠᠯᠴᠢᠯᠠᠨ ᠤᠬᠠᠭᠤᠯᠵᠤ᠂ ᠲᠠᠸᠠᠷᠴᠢᠯᠠᠨ ᠳᠡᠯᠡᠬᠡᠶᠢᠴᠢᠯᠡᠭᠦᠯᠬᠦ ᠪᠡᠷ ᠴᠢᠷᠮᠠᠶᠢᠨ ᠵᠢᠳᠬᠦᠵᠦ ᠪᠠᠶᠢᠭ᠎ᠠ ᠮᠣᠩᠭᠣᠯ ᠰᠣᠶᠣᠯ ‍ᠤᠨ ᠺᠣᠮᠫᠠᠨᠢ ᠪᠣᠯᠬᠣ ᠶᠤᠮ᠃ ᠣᠳᠣᠬᠠᠨ ᠳ᠋ᠤ ᠺᠣᠮᠫᠠᠨᠢ ᠶ᠋ᠢᠨ ᠲᠤᠬᠠᠶᠢᠯᠠᠭᠰᠠᠨ ᠠᠵᠢᠯ ‍ᠤᠨ ᠥᠷᠭᠡᠵᠢᠯ᠂ ᠵᠠᠬ᠎ᠠ ᠳᠡᠯᠭᠡᠭᠦᠷ ‍ᠤᠨ ᠳᠡᠯᠡᠬᠡᠶᠢᠵᠢᠭᠦᠯᠦᠨ ᠬᠥᠭᠵᠢᠭᠦᠯᠬᠦ ᠱᠠᠭᠠᠷᠳᠠᠯᠭ᠎ᠠ ᠡᠴᠠ ᠪᠣᠯᠵᠣ ᠨᠡᠶᠢᠭᠡᠮ ᠳᠡᠭᠡᠷ᠎ᠡ ᠡᠴᠠ ᠢᠯᠡ ᠪᠠᠷ ᠵᠠᠬ᠎ᠠ ᠳᠡᠯᠭᠡᠭᠦᠷ ‍ᠤᠨ ᠪᠣᠷᠣᠯᠠᠭᠤᠯᠤᠭᠴᠢ ᠡᠯᠰᠡᠨ ᠬᠡᠷᠡᠭᠯᠡᠬᠦ ᠪᠠᠷ ᠪᠣᠯᠣᠯ᠎ᠠ᠃
ᠨᠢᠭᠡ᠂ ᠲᠣᠬᠠᠶᠢᠯᠠᠭᠰᠠᠨ ᠠᠵᠢᠯ ᠤᠨ ᠱᠠᠭᠠᠷᠳᠠᠯᠭ᠎ᠠ᠄
     1.ᠨᠠᠰᠤ᠄ 20 — 25᠂ ᠳᠡᠭᠡᠳᠦ ᠵᠡᠷᠭᠡ ᠶ᠋ᠢᠨ ᠲᠤᠰᠬᠠᠢ ᠮᠡᠷᠭᠡᠵᠢᠯ ‍ᠤᠨ ᠠᠩᠭᠢ ᠡᠴᠠ  ᠳᠡᠭᠡᠭᠰᠢᠬᠢ ᠰᠤᠷᠤᠯᠭ᠎ᠠ ᠶ᠋ᠢᠨ ᠨᠠᠮᠳᠡᠷ ᠲᠠᠢ ᠪᠠᠶᠢᠬᠤ᠃ 2.ᠰᠢᠯᠢᠳᠡᠭ ᠰᠠᠶᠢᠨ ᠲᠤᠬᠠᠶᠢᠯᠠᠭᠰᠠᠨ ᠠᠵᠢᠯ ‍ᠤᠨ ᠮᠤᠷᠠᠯ ᠮᠡᠳᠡᠯᠭᠡ ᠲᠠᠢ ᠮᠥᠷᠲᠡᠭᠡᠨ ᠨᠡᠶᠢᠭᠡᠮ ‍ᠤᠨ ᠬᠠᠷᠢᠯᠴᠠᠭᠠᠨ ‍ᠤ ᠴᠢᠳᠠᠪᠤᠷᠢ ᠰᠠᠶᠢᠨ᠂ ᠵᠠᠬ᠎ᠠ ᠳᠡᠯᠡᠭᠡᠬᠦᠷ ‍ᠤᠨ ᠡᠵᠡᠩᠨᠡᠯᠲᠡ ᠳ᠋ᠤ ᠴᠢᠳᠠᠮᠠᠭᠠᠢ᠂ ᠬᠦᠴᠢᠷ ᠪᠡᠷᠬᠡᠰᠢᠶᠡᠯ ᠡᠴᠠ ᠠᠶᠤᠬᠤ ᠦᠭᠡᠢ᠂ ᠬᠠᠮᠲᠤ ᠣᠯᠠᠨ ᠲᠠᠢ ᠪᠠᠨ ᠪᠦᠯᠬᠦᠮᠳᠡᠵᠦ᠂ ᠬᠠᠲᠠᠭᠤᠵᠢᠯᠲᠠᠢ ᠴᠢᠷᠮᠠᠶᠢᠬᠤ ᠢᠳᠢᠪᠬᠢᠴᠢ ᠴᠢᠨᠠᠷ ᠲᠠᠢ ᠪᠠᠶᠢᠬᠤ᠃ 3.ᠰᠢᠨ᠎ᠡ ᠵᠠᠭᠤᠴᠢᠯᠠᠭᠤᠷ ‍ᠤᠨ ᠲᠦᠭᠡᠮᠡᠯᠵᠢᠭᠦᠯᠦᠯᠲᠡ ᠶ᠋ᠢᠨ ᠠᠵᠢᠯ  ‍ᠤᠨ ᠲᠤᠷᠰᠢᠯᠭ᠎ᠠ ᠲᠠᠢ ᠬᠥᠮᠥᠨ ‍ᠢ ᠤᠷᠢᠳᠠᠪᠡᠷ ᠪᠣᠳᠣᠯᠬᠢᠯᠠᠨ᠎ᠠ᠃
ᠬᠣᠶᠠᠷ᠂ ᠲᠣᠬᠠᠶᠢᠯᠠᠭᠰᠠᠨ ᠠᠵᠢᠯ ‍ᠤᠨ ᠡᠭᠦᠷᠭᠡ᠄
      1.ᠳᠠᠭᠠᠭᠤᠯᠢ ᠣᠳᠣᠨ ᠰᠢᠭᠤᠳ ᠨᠡᠪᠲᠡᠷᠡᠭᠦᠯᠭᠡ ᠶ᠋ᠢᠨ ᠲᠡᠷᠭᠡ ᠬᠢᠭᠡᠳ ᠰᠢᠨ᠎ᠡ ᠵᠠᠭᠤᠴᠢᠯᠠᠭᠤᠷ ‍ᠤᠨ ᠲᠥᠪ ‍ᠤᠨ ᠲᠤᠬᠠᠶᠢᠯᠠᠭᠰᠠᠨ ᠦᠢᠯᠡᠴᠢᠯᠡᠭᠡ ᠶ᠋ᠢ ᠰᠤᠷᠲᠠᠯᠴᠢᠯᠠᠵᠤ ᠲᠦᠭᠡᠮᠡᠯᠵᠢᠭᠦᠯᠬᠦ᠃ ᠳᠠᠭᠤᠤ ᠬᠥᠭᠵᠢᠮ ‍ᠤᠨ ᠰᠦᠯᠵᠢᠶ᠎ᠡ ᠵᠢᠴᠢ ᠭᠠᠷ ᠤᠲᠠᠰᠤᠨ ‍ᠤ ᠰᠣᠹᠲ ᠢ ᠲᠦᠭᠡᠮᠡᠯᠵᠢᠭᠦᠯᠬᠦ᠃ ᠣᠯᠠᠨ ᠬᠡᠯᠡᠨ ‍ᠤ ᠰᠦᠯᠵᠢᠶ᠎ᠡ᠂ ᠲᠤᠭᠠᠴᠢᠯᠠᠭᠰᠠᠨ ᠬᠥᠮᠥᠷᠭᠡ᠂ ᠭᠠᠷ ᠤᠲᠠᠰᠤᠨ ‍ᠤ ᠰᠣᠹᠲ ᠰᠣᠳᠣᠯᠣᠨ ᠦᠢᠯᠡᠳᠬᠦ ᠦᠢᠯᠡᠴᠢᠯᠡᠭᠡ ᠶ᠋ᠢ ᠲᠦᠭᠡᠮᠡᠯᠵᠢᠭᠦᠯᠬᠦ᠃ ᠤᠬᠠᠭᠤᠯᠭ᠎ᠠ ᠶ᠋ᠢᠨ ᠹᠢᠯᠢᠮ ᠦᠢᠯᠡᠳᠬᠦ᠂ MTV ᠰᠡᠭᠦᠳᠡᠷᠯᠡᠬᠦ᠂ ᠳᠠᠭᠤᠤ ᠬᠥᠭᠵᠢᠮ ᠰᠢᠩᠭᠡᠭᠡᠨ ᠦᠢᠯᠡᠳᠬᠦ᠂ ᠤᠷᠠᠨ ᠰᠠᠶᠢᠬᠠᠨ ‍ᠤ ᠲᠣᠭᠯᠠᠯᠲᠠ ᠶ᠋ᠢ ᠵᠣᠬᠢᠶᠠᠨ ᠪᠠᠶᠢᠭᠤᠯᠬᠤ᠂ ᠤᠷᠠᠯᠢᠭᠴᠢᠨ ‍ᠢ ᠰᠤᠷᠲᠠᠯᠴᠢᠯᠠᠬᠤ ᠦᠢᠯᠡᠴᠢᠯᠡᠭᠡ ᠶ᠋ᠢ ᠲᠦᠭᠡᠮᠡᠯᠵᠢᠭᠦᠯᠵᠦ᠂ ᠮᠣᠩᠭᠣᠯ ᠰᠣᠶᠣᠯ ‍ᠤᠨ ᠳᠠᠭᠠᠯᠲᠠ ᠪᠦᠲᠦᠭᠡᠭᠳᠡᠭᠦᠨ ᠬᠢᠭᠡᠳ ᠵᠢᠭᠤᠯᠴᠢᠯᠠᠯ ‍ᠤᠨ ᠳᠤᠷᠠᠰᠬᠠᠯᠲᠤ ᠪᠣᠳᠠᠰ ᠰᠣᠳᠣᠯᠣᠨ ᠦᠢᠯᠡᠳᠬᠦ ᠳ᠋ᠤ ᠠᠪᠢᠶᠠᠰᠤᠯᠢᠭ᠂ ᠵᠠᠬ᠎ᠠ ᠳᠡᠯᠭᠡᠭᠦᠷᠴᠢᠯᠡᠭᠦᠯᠬᠦ ᠳ᠋ᠤ ᠴᠢᠳᠠᠮᠠᠭᠠᠢ ᠪᠠᠶᠢᠬᠤ ᠬᠡᠷᠡᠭᠲᠡᠢ᠃ 2.ᠨᠡᠶᠢᠭᠡᠮ ‍ᠤᠨ ᠬᠡᠷᠡᠭᠴᠡᠭᠡ᠂ ᠵᠠᠬ᠎ᠠ ᠳᠡᠯᠭᠡᠭᠦᠷ ‍ᠤᠨ ᠣᠨᠴᠠᠯᠢᠭ ᠬᠢᠭᠡᠳ ᠬᠡᠷᠡᠭᠯᠡᠭᠴᠢᠳ ‍ᠤᠨ ᠱᠠᠭᠠᠷᠳᠠᠯᠭ᠎ᠠ ᠶ᠋ᠢ ᠰᠠᠶᠢᠲᠤᠷ ᠠᠵᠢᠵᠤ᠂ ᠺᠣᠮᠫᠠᠨᠢ ᠶ᠋ᠢᠨ ᠡᠬᠢ ᠪᠠᠶᠠᠯᠢᠭ ‍ᠢ ᠠᠰᠢᠭᠯᠠᠨ ᠲᠥᠷᠥᠯ ᠵᠦᠢᠯ ᠭᠤᠶᠤᠴᠢᠯᠠᠵᠤ᠂ ᠪᠣᠷᠤᠯᠠᠭᠤᠯᠭ᠎ᠠ ᠶ᠋ᠢᠨ ᠬᠠᠷᠠᠯᠲᠠ ᠪᠠᠨ ᠪᠡᠶᠡᠯᠡᠭᠦᠯᠦᠨ᠎ᠡ᠃

ᠭᠤᠷᠪᠠ᠂ ᠨᠡᠷ᠎ᠡ ᠮᠡᠳᠡᠭᠦᠯᠬᠦ᠄
    1.ᠬᠤᠪᠢ ᠪᠡᠶ᠎ᠡ ᠶ᠋ᠢᠨ ᠲᠠᠨᠢᠯᠴᠠᠭᠤᠯᠭ᠎ᠠ ᠪᠠᠨ 2900837693@qq.com ᠢᠮᠸᠯ  ᠳ᠋ᠤ ᠶᠠᠪᠤᠭᠤᠯᠤᠭᠠᠷᠠᠢ᠃ 2.ᠬᠠᠷᠢᠯᠴᠠᠬᠤ ᠬᠥᠮᠥᠨ᠄ ᠪᠣᠯᠣᠷ᠂ ᠨᠠᠮᠢᠷᠠᠭ᠎ᠠ 3.ᠬᠠᠷᠢᠯᠴᠠᠬᠤ ᠤᠲᠠᠰᠤ᠄ 0471 - 4814631᠂ 13347131212᠃ 4.ᠬᠠᠷᠢᠯᠴᠠᠬᠤ ᠬᠠᠶ᠋ᠢᠭ᠄ ᠬᠥᠬᠡᠬᠣᠲᠠ ᠶ᠋ᠢᠨ ᠰᠢᠨ᠎ᠡ ᠬᠣᠲᠠ ᠲᠣᠭᠣᠷᠢᠭ ‍ᠤᠨ ᠴᠢᠩ ᠴᠸᠩ ᠭᠤᠳᠤᠮᠵᠢ ᠶ᠋ᠢᠨ ᠳ᠋ᠢᠩ ᠶᠤᠸᠠᠨ ᠶᠡᠬᠡ ᠠᠰᠠᠷ ‍ᠤᠨ ᠳᠠᠪᠤᠳᠤᠭᠠᠷ ᠳᠠᠪᠬᠤᠷᠯᠢᠭ᠃

ᠳᠥᠷᠪᠡ᠂ ᠡᠯᠰᠡᠨ ᠬᠡᠷᠡᠭᠯᠡᠬᠦ ᠶᠠᠪᠤᠴᠠ᠄
       ᠬᠤᠪᠢ ᠪᠡᠶ᠎ᠡ ᠶ᠋ᠢᠨ ᠲᠠᠨᠢᠯᠴᠠᠭᠤᠯᠭ᠎ᠠ ᠶ᠋ᠢ ᠬᠣᠷᠢᠶᠠᠨ ᠦᠵᠡᠬᠦ →  ᠤᠲᠠᠰᠤᠳᠠᠬᠤ→ ᠨᠢᠭᠤᠷᠳᠠᠨ ᠰᠢᠯᠭᠠᠬᠤ → ᠵᠢᠱᠢᠭᠳᠡᠭᠴᠢ ᠰᠣᠩᠭᠣᠬᠣ→  ᠲᠤᠷᠰᠢᠨ ᠬᠡᠷᠡᠭᠯᠡᠬᠦ→ ᠡᠯᠰᠡᠨ ᠬᠡᠷᠡᠭᠯᠡᠬᠦ ᠭᠠᠷ ᠭᠦᠢᠴᠡᠳᠬᠡᠯ ᠬᠢᠬᠦ᠃

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ