ᠬᠠᠶᠢᠰᠢ ᠵᠧᠤ ᠶ᠋ᠢᠨ ᠤᠳᠬ᠎ᠠ ᠤᠷᠠᠯᠢᠭ ‍ᠤᠨ ᠬᠢᠨ ‍ᠤ ᠬᠤᠯᠪᠤᠭ᠎ᠠ ᠂ ᠳᠤᠯᠠᠭᠠᠨ ᠰᠢᠶᠠᠨ ‍ᠤ ᠰᠤᠶᠤᠯ ᠲᠠᠮᠢᠷ ᠷᠠᠳᠢᠤ᠋ ᠲᠧᠯᠸᠢᠰ ᠬᠣᠷᠢᠶ᠎ᠠ ᠲᠠᠢ ᠬᠠᠮᠲᠤᠷᠠᠨ ᠳᠡᠭᠡᠳᠦ ᠮᠣᠩᠭᠣᠯ ᠤᠨ 《 ᠠᠩᠬᠠᠳᠠᠭᠴᠢ ᠤᠳᠠᠭᠠᠨ ᠤ ᠠᠷᠠᠳ ᠤᠨ ᠳᠠᠭᠤᠤ ᠶ᠋ᠢᠨ ᠨᠠᠶᠢᠷ 》 ᠢ ᠡᠷᠬᠢᠯᠡᠨ ᠶᠠᠪᠤᠭᠳᠠᠭᠤᠯᠬᠤ ᠪᠡᠷ ᠪᠤᠢ

ᠤᠩᠰᠢᠭᠰᠠᠨ ᠤᠳᠠᠭ᠎ᠠ ᠄ 784    ᠨᠡᠶᠢᠳᠡᠯᠡᠭᠰᠡᠨ ᠴᠠᠭ ᠄ 2016-08-10

    2016 ᠣᠨ ‍ᠤ 8  ᠰᠠᠷ᠎ᠠ ᠶ᠋ᠢᠨ 13  ‍ᠤ ᠡᠳᠦᠷ ᠂ ᠬᠠᠶᠢᠰᠢ ᠵᠧᠤ ᠶ᠋ᠢᠨ ᠤᠳᠬ᠎ᠠ ᠤᠷᠠᠯᠢᠭ ‍ᠤᠨ ᠬᠢᠨ ‍ᠤ ᠬᠤᠯᠪᠤᠭ᠎ᠠ᠂ ᠳᠤᠯᠠᠭᠠᠨ ᠰᠢᠶᠠᠨ ‍ᠤ ᠰᠤᠶᠤᠯ ᠲᠠᠮᠢᠷ ᠷᠠᠳᠢᠤ᠋ ᠲᠧᠯᠸᠢᠰ ᠬᠣᠷᠢᠶ᠎ᠠ ᠲᠠᠢ ᠬᠠᠮᠲᠤᠷᠠᠨ ᠳᠡᠭᠡᠳᠦ ᠮᠣᠩᠭᠣᠯ ᠤᠨ 《 ᠠᠩᠬᠠᠳᠠᠭᠴᠢ ᠤᠳᠠᠭᠠᠨ ᠤ ᠠᠷᠠᠳ ᠤᠨ ᠳᠠᠭᠤᠤ ᠶ᠋ᠢᠨ ᠨᠠᠶᠢᠷ 》 ᠢ ᠡᠷᠬᠢᠯᠡᠨ ᠶᠠᠪᠤᠭᠳᠠᠭᠤᠯᠬᠤ ᠪᠡᠷ ᠪᠠᠶᠢᠨ᠎ᠠ᠃
    ᠬᠥᠬᠡᠨᠠᠭᠤᠷ ᠮᠤᠵᠢ ᠶ᠋ᠢᠨ ᠳᠤᠯᠠᠭᠠᠨ ᠰᠢᠶᠠᠨ ‍ᠤ ᠵᠡᠭᠦᠨ ᠪᠠᠯᠭᠠᠰᠤᠨ ‍ᠤ ᠡᠰᠡᠯᠵᠢᠨ ᠲᠤᠰᠬᠤᠨ ‍ᠤ ᠵᠤᠰᠠᠯᠠᠩ ᠳ᠋ᠤ ᠶᠠᠪᠤᠭᠳᠠᠬᠤ ᠳᠡᠭᠡᠳᠦ ᠮᠣᠩᠭᠣᠯ ᠤᠨ 《 ᠠᠩᠬᠠᠳᠠᠭᠴᠢ ᠤᠳᠠᠭᠠᠨ ᠤ ᠠᠷᠠᠳ ᠤᠨ ᠳᠠᠭᠤᠤ ᠶ᠋ᠢᠨ ᠨᠠᠶᠢᠷ 》ᠨᠢ 《 ᠳᠡᠭᠡᠳᠦ ᠮᠣᠩᠭᠣᠯ ‍ᠤᠨ ᠤᠷᠲᠤ ᠶ᠋ᠢᠨ ᠳᠠᠭᠤᠤ ᠶ᠋ᠢᠨ ᠤᠷᠤᠯᠳᠤᠭᠠᠨ 》᠂ 《 ᠳᠡᠭᠡᠳᠦ ᠮᠣᠩᠭᠣᠯ ‍ᠤᠨ ᠤᠷᠲᠤ ᠶ᠋ᠢᠨ ᠳᠠᠭᠤᠤ ᠶ᠋ᠢ ᠤᠯᠠᠮᠵᠢᠯᠠᠨ ᠬᠥᠭᠵᠢᠭᠦᠯᠬᠦ ᠰᠠᠭᠤᠷᠢᠨ ᠭᠠᠵᠠᠷ ᠪᠠᠶᠢᠭᠤᠯᠬᠤ ᠬᠦᠰᠢᠭᠡ ᠰᠡᠬᠦᠬᠦ ᠶᠣᠰᠣᠯᠠᠯ 》ᠵᠢᠴᠢ 《 ᠳᠡᠭᠡᠳᠦ ᠮᠣᠩᠭᠣᠯ ‍ᠤᠨ ᠠᠷᠠᠳ ‍ᠤᠨ ᠳᠠᠭᠤᠤ ᠶ᠋ᠢᠨ ᠣᠯᠠᠨ ᠤᠯᠤᠰ ‍ᠤᠨ ᠡᠷᠳᠡᠮ ᠰᠢᠨᠵᠢᠯᠡᠭᠡᠨ ‍ᠤ ᠬᠤᠷᠠᠯ 》  ᠵᠡᠷᠭᠡ ᠥᠷᠭᠡᠨ ᠳᠡᠯᠭᠡᠷᠡᠩᠭᠦᠢ ᠣᠯᠠᠨ ᠠᠭᠤᠯᠭ᠎ᠠ ᠶ᠋ᠢ ᠬᠠᠮᠤᠷᠤᠭᠰᠠᠨ ᠪᠠᠶᠢᠳᠠᠭ ᠶᠤᠮ᠃ 《 ᠳᠡᠭᠡᠳᠦ ᠮᠣᠩᠭᠣᠯ ‍ᠤᠨ ᠤᠷᠲᠤ ᠶ᠋ᠢᠨ ᠳᠠᠭᠤᠤ ᠶ᠋ᠢᠨ ᠤᠷᠤᠯᠳᠤᠭᠠᠨ 》 ᠳ᠋ᠤ ᠭᠠᠨᠰᠤ ᠮᠤᠵᠢ ᠶ᠋ᠢᠨ ᠰᠦᠪᠸᠢ ᠰᠢᠶᠠᠨ᠂ ᠬᠠᠶᠢᠪᠸᠢ ᠵᠸᠦ᠂ ᠡᠾᠸᠨᠠᠨ ᠮᠣᠩᠭᠣᠯ ᠦᠨᠳᠦᠰᠦᠲᠡᠨ ‍ᠤ ᠥᠪᠡᠷᠲᠡᠭᠡᠨ ᠵᠠᠰᠠᠬᠤ ᠰᠢᠶᠠᠨ ᠬᠢᠭᠡᠳ ᠬᠠᠶᠢᠰᠢ ᠵᠸᠥ ᠶ᠋ᠢᠨ ᠡᠯ᠎ᠡ ᠭᠠᠵᠠᠷ ᠣᠷᠣᠨ ᠡᠴᠠ ᠬᠦᠷᠦᠯᠴᠡᠨ ᠢᠷᠡᠭᠰᠡᠨ ᠳᠠᠭᠤᠴᠢᠳ ᠣᠷᠣᠯᠴᠠᠵᠤ᠂ ᠤᠷ᠎ᠠ ᠠᠪᠢᠶᠠᠰ ᠢᠶᠡᠨ ᠰᠢᠯᠭᠠᠬᠤ ᠪᠣᠯᠣᠨ᠎ᠠ᠃ ᠤᠷᠤᠯᠳᠤᠭᠠᠨ ᠨᠢ ᠳᠤᠭᠤᠶᠢᠯᠠᠩ ᠬᠤᠪᠢᠶᠠᠬᠤ ᠦᠭᠡᠢ᠂ ᠴᠢᠨᠠᠷ ‍ᠤᠨ ᠢᠯᠭᠠᠯ᠂ ᠨᠠᠰᠤ ᠬᠢᠵᠠᠭᠠᠷᠯᠠᠬᠤ ᠦᠭᠡᠢ᠃ ᠳᠠᠭᠤᠯᠠᠬᠤ ᠳᠠᠭᠤᠤ ᠶ᠋ᠢ ᠳᠡᠭᠡᠳᠦ ᠮᠣᠩᠭᠣᠯ ‍ᠤᠨ ᠤᠷᠲᠤ ᠶ᠋ᠢᠨ ᠳᠠᠭᠤᠤ ᠪᠠᠷ ᠬᠢᠵᠠᠭᠠᠷᠯᠠᠵᠤ᠂ ᠬᠡᠯᠪᠡᠷᠢ ᠨᠢ ᠣᠯᠠᠨ ᠶᠠᠩᠵᠤ ᠶ᠋ᠢᠨ᠂ ᠠᠭᠤᠯᠭ᠎ᠠ ᠶ᠋ᠢᠨ ᠲᠠᠯ᠎ᠠ ᠪᠠᠷ ᠪᠠᠶᠠᠯᠢᠭ ᠪᠠᠶᠢᠬᠤ ᠶ᠋ᠢ ᠠᠩᠬᠠᠷᠴᠤ᠂ ᠳᠡᠭᠡᠳᠦ ᠮᠣᠩᠭᠣᠯᠴᠤᠳ ‍ᠤᠨ ᠠᠷᠠᠳ ‍ᠤᠨ ᠳᠠᠭᠤᠤ ᠶ᠋ᠢᠨ ᠤᠷᠠᠯᠢᠭ ‍ᠤᠨ ᠬᠡᠯᠪᠡᠷᠢ ᠶ᠋ᠢ ᠬᠠᠳᠠᠭᠠᠯᠠᠬᠤ ᠶ᠋ᠢ ᠵᠣᠷᠢᠭᠵᠢᠭᠤᠯᠤᠭᠰᠠᠨ ᠪᠠᠶᠢᠳᠠᠭ᠃
     ᠲᠤᠰ ᠨᠠᠶᠢᠷ ᠨᠢ ᠤᠯᠤᠰ ‍ᠤᠨ ᠪᠣᠳᠠᠰ ‍ᠤᠨ ᠪᠤᠰᠤ ᠰᠣᠶᠣᠯ ‍ᠤᠨ ᠥᠪ ‍ᠢ ᠤᠯᠠᠮᠵᠢᠯᠠᠵᠤ ᠬᠥᠭᠵᠢᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠲᠡᠳᠦᠢ ᠦᠭᠡᠢ ᠨᠡᠩ ᠴᠢᠨᠠᠭᠰᠢᠯᠠᠨ ᠦᠨᠳᠦᠰᠦᠲᠡᠨ ‍ᠤ ᠰᠣᠶᠣᠯ ‍ᠤᠨ ᠣᠨᠴᠠᠯᠢᠭ ᠬᠢᠭᠡᠳ ᠦᠷᠭᠡᠨ ᠤᠯᠠᠨ ᠠᠷᠠᠳ ᠲᠦᠮᠡᠨ ᠦ ᠪᠠᠬᠠᠲᠤᠨ ᠰᠤᠨᠢᠷᠬᠠᠬᠤ ᠤᠷᠠᠨ ᠰᠠᠶᠢᠬᠠᠨ ‍ᠤ ᠲᠤᠭᠯᠠᠯᠲᠠ ᠶ᠋ᠢᠨ ᠨᠡᠷᠡᠲᠦ ᠳᠡᠮᠳᠡᠭ ‍ᠢ ᠡᠭᠦᠳᠬᠦ ᠳ᠋ᠦ ᠢᠳᠡᠪᠬᠢᠲᠡᠢ ᠦᠢᠯᠡᠳᠦᠯ ᠦᠵᠡᠭᠦᠯᠦᠭᠰᠡᠨ ‍ᠤ ᠬᠠᠮᠲᠤ ᠪᠦᠬᠦ ᠤᠯᠤᠰ ‍ᠤᠨ ᠡᠯ᠎ᠡ ᠦᠨᠳᠦᠰᠦᠲᠡᠨ ‍ᠤ ᠪᠦᠯᠬᠦᠮᠳᠡᠯ ‍ᠢ ᠠᠬᠢᠭᠤᠯᠬᠤ ᠲᠡᠷᠢᠭᠦᠨ ‍ᠤ ᠵᠸᠦ ᠪᠣᠯᠬᠤ ᠳ᠋ᠤ ᠬᠦᠴᠦᠷᠬᠡᠭ ᠶᠡᠬᠡ ᠣᠶᠤᠨ ᠰᠠᠨᠠᠭᠠᠨ ‍ᠤ ᠲᠦᠯᠬᠢᠴᠡ ᠬᠦᠴᠦᠨ ᠬᠢᠭᠡᠳ ᠰᠣᠶᠣᠯ ‍ᠤᠨ ᠲᠠᠯ᠎ᠠ ᠪᠠᠷ ᠬᠢ ᠳᠡᠮᠵᠢᠯᠭᠡ ᠶ᠋ᠢ ᠬᠦᠷᠲᠡᠭᠡᠭᠰᠡᠨ ᠶᠤᠮ᠃
     ᠲᠤᠰ ᠨᠠᠶᠢᠷ ‍ᠢ ᠥᠪᠥᠷ ᠮᠣᠩᠭᠣᠯ ‍ᠤᠨ 《 ᠲᠡᠭᠷᠢ ᠲᠠᠯ᠎ᠠ 》 ᠰᠣᠶᠣᠯ ᠵᠠᠭᠤᠴᠢ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶ᠋ᠢᠨ ᠰᠢᠨ᠎ᠡ ᠵᠠᠭᠤᠴᠢᠯᠠᠭᠤᠷ ‍ᠤᠨ ᠲᠥᠪ ᠨᠢ ᠳᠠᠭᠠᠭᠤᠯᠢ ᠣᠳᠣᠨ ᠢᠶ᠋ᠡᠷ ᠰᠢᠭᠤᠳ ᠨᠡᠪᠲᠡᠷᠡᠭᠦᠯᠵᠦ᠂ 《 ᠲᠡᠭᠷᠢ ᠲᠠᠯ᠎ᠠ ᠳᠠᠭᠤᠤ ᠬᠥᠭᠵᠢᠮ ‍ᠤᠨ ᠰᠦᠯᠵᠢᠶ᠎ᠡ 》 ᠵᠢᠴᠢ ᠭᠠᠷ ᠤᠲᠠᠰᠤᠨ ‍ᠤ  ᠰᠣᠹᠲ ᠢᠶᠠᠷ ᠦᠵᠡᠭᠴᠢᠳ ᠲᠤ ᠪᠠᠨ ᠬᠦᠷᠭᠡᠬᠦ ᠪᠠᠷ ᠪᠠᠶᠢᠨ᠎ᠠ᠃ ᠲᠠ ᠪᠦᠬᠦᠨ ᠲᠣᠬᠠᠢ ᠶ᠋ᠢᠨ ᠴᠠᠭ ᠲᠤ ᠨᠢ 《 ᠴᠠᠶᠢᠳᠠᠮ ᠰᠣᠶᠣᠯ ‍ᠤᠨ ᠰᠦᠯᠵᠢᠶ᠎ᠡ 》᠂ 《 ᠳᠤᠮᠳᠠᠳᠤ ᠤᠯᠤᠰ · ᠴᠠᠶᠢᠳᠠᠮ ᠳᠠᠭᠤᠤ ᠬᠥᠭᠵᠢᠮ ‍ᠤᠨ ᠰᠦᠯᠵᠢᠶ᠎ᠡ 》᠂ 《 ᠦᠨᠳᠦᠰᠦ 》 ᠳᠡᠭᠡᠳᠦ ᠮᠣᠩᠭᠣᠯ ‍ᠤᠨ ᠰᠣᠶᠣᠯ ᠰᠣᠳᠣᠯᠭᠠᠨ ‍ᠤ ᠨᠡᠶᠢᠭᠡᠮᠯᠢᠭ ‍ᠤᠨ ᠰᠦᠯᠵᠢᠶ᠎ᠡ᠂ 《 ᠲᠡᠭᠷᠢ ᠲᠠᠯ᠎ᠠ ᠳᠠᠭᠤᠤ ᠬᠥᠭᠵᠢᠮ ‍ᠤᠨ ᠰᠦᠯᠵᠢᠶ᠎ᠡ 》 ᠵᠢᠴᠢ 《 ᠲᠡᠭᠷᠢ ᠲᠠᠯ᠎ᠠ 》 ᠭᠠᠷ ᠤᠲᠠᠰᠤᠨ ‍ᠤ ᠰᠣᠹᠲ ᠳ᠋ᠤ ᠠᠩᠬᠠᠷᠤᠯ ᠢᠶᠡᠨ ᠬᠠᠨᠳᠤᠭᠤᠯᠵᠤ᠂ ᠬᠦᠯᠢᠶᠡᠨ ᠠᠪᠴᠤ ᠰᠣᠨᠢᠷᠬᠠᠭᠠᠷᠠᠢ᠃
ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ