ᠳᠠᠭᠤᠴᠢᠨ ᠵᠠᠭᠠᠷᠬᠦᠦ

ᠤᠩᠰᠢᠭᠰᠠᠨ ᠤᠳᠠᠭ᠎ᠠ ᠄ 829    ᠨᠡᠶᠢᠳᠡᠯᠡᠭᠰᠡᠨ ᠴᠠᠭ ᠄ 2016-08-19

      ᠵᠠᠭᠠᠷᠬᠦᠦ᠂ ᠤᠯᠠᠭᠠᠨᠬᠠᠳᠠ ᠬᠣᠲᠠ ᠶ᠋ᠢᠨ ᠠᠷᠤ ᠬᠤᠷᠴᠢᠨ ᠬᠣᠰᠢᠭᠤ ᠪᠠᠷ ᠨᠤᠲᠤᠭ ᠲᠠᠢ ᠳᠠᠭᠤᠴᠢᠨ᠂ ᠤᠯᠤᠰ ᠤᠨ ᠬᠤᠶᠠᠳᠣᠭᠠᠷ ᠲᠡᠰ ᠦᠨ ᠲᠤᠭᠯᠠᠭᠴᠢ᠃ 1994 ᠤᠨ ᠳ᠋ᠤ ᠠᠷᠤ ᠬᠤᠷᠴᠢᠨ ᠬᠣᠰᠢᠭᠤᠨ ‍ᠤ ᠤᠯᠠᠭᠠᠨᠮᠦ᠋ᠴᠢᠷ ᠲᠤ ᠠᠵᠢᠯ ‍ᠤᠨ ᠭᠠᠷᠤᠭ᠎ᠠ ᠠᠪᠴᠤ᠂ 1996 ᠤᠨ ᠳ᠋ᠤ ᠠᠯᠳᠠᠷᠳᠤ ᠲᠠᠭᠤᠴᠢᠨ ᠠᠯᠲᠠᠨᠴᠡᠴᠡᠭ ᠲᠤ ᠱᠠᠪᠢᠯᠠᠨ ᠳᠠᠭᠤᠯᠠᠭᠠᠴᠢ ᠶ᠋ᠢᠨ ᠮᠡᠷᠭᠡᠵᠢᠯ ᠰᠤᠷᠪᠠ᠃ 1997 ᠤᠨ ᠳ᠋ᠤ ᠪᠠᠭᠠᠷᠢᠨ ᠪᠠᠷᠠᠭᠤᠨ ᠬᠣᠰᠢᠭᠤᠨ ‍ᠤ ᠤᠯᠠᠭᠠᠨᠮᠦ᠋ᠴᠢᠷ ᠲᠤ ᠰᠢᠯᠵᠢᠨ ᠠᠵᠢᠯᠯᠠᠪᠠ᠃ ᠤᠯᠠᠨ ᠤᠳᠠᠭ᠎ᠠ ᠶ᠋ᠢᠨ ᠲᠣᠮᠣ ᠬᠡᠪᠴᠢᠶᠡᠨ ᠤ ᠤᠷᠠᠨ ᠰᠠᠶᠢᠬᠠᠨ ‍ᠤ ᠲᠤᠭᠯᠠᠯᠳᠠ ᠳ᠋ᠤ ᠣᠷᠣᠯᠴᠠᠨ᠂ ᠨᠠᠮ᠂ ᠠᠷᠠᠳ ᠲᠦᠮᠡᠨ ‍ᠤ ᠪᠠᠨ ᠰᠠᠶᠢᠰᠢᠶᠠᠯ ᠪᠠᠬᠠᠷᠬᠠᠯ ‍ᠢ ᠣᠯᠵᠤ ᠪᠠᠶᠢᠵᠠᠢ᠃

      ᠦᠪᠦᠷ ᠮᠣᠩᠭᠣᠯ  ‍ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 60 ᠵᠢᠯ ᠦᠨ ᠤᠢ᠂ ᠤᠯᠠᠭᠠᠨᠮᠦ᠋ᠴᠢᠷ ᠪᠠᠶᠢᠭᠤᠯᠤᠭᠳᠠᠭᠰᠠᠨ 50 ᠵᠢᠯ ᠦᠨ ᠤᠢ ᠵᠢᠴᠢ ᠲᠦᠷᠪᠡᠳᠦᠭᠡᠷ ᠬᠤᠭᠤᠴᠠᠭᠠᠨ ᠤ ᠤᠯᠠᠭᠠᠨᠮᠦ᠋ᠴᠢᠷ ‍ᠦᠨ ᠤᠷᠠᠯᠢᠭ  ‍ᠤᠨ ᠲᠤᠭᠯᠠᠯᠳᠠ ᠳ᠋ᠤ ᠲᠡᠭᠦᠨ ‍ᠤ ᠳᠠᠭᠤᠤ 《 ᠡᠵᠢ ᠪᠡᠨ ᠲᠤᠷᠠᠰᠤᠨ᠎ᠠ 》 ᠨᠢ ᠠᠯᠲᠠᠨ ᠱᠠᠩᠨᠠᠯ ᠭᠠᠷᠳᠠᠵᠠᠢ᠃


     


     

 
ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ