11 ᠳ᠋ᠡᠬᠢ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠪᠠᠶᠠᠷ ᠨᠡᠬᠡᠭᠡᠯᠲᠡ ᠪᠠᠨ ᠬᠢᠬᠦ ᠪᠡᠷ ᠪᠤᠯᠤᠯ᠎ᠠ

ᠤᠩᠰᠢᠭᠰᠠᠨ ᠤᠳᠠᠭ᠎ᠠ ᠄ 750    ᠨᠡᠶᠢᠳᠡᠯᠡᠭᠰᠡᠨ ᠴᠠᠭ ᠄ 2016-10-13

ᠰᠤᠶᠤᠯ ᠤᠨ ᠶᠠᠮᠤᠨ ᠪᠤᠯᠤᠨ ᠱᠠᠨᠰᠢ ᠮᠤᠵᠢ ᠵᠢᠨ ᠵᠠᠰᠠᠭ ᠤᠨ ᠤᠷᠳᠤᠨ ᠡᠴᠡ ᠬᠠᠮᠲᠤᠷᠠᠨ ᠰᠠᠨᠠᠭᠠᠴᠢᠯᠠᠭᠰᠠᠨ 11 ᠳ᠋ᠡᠬᠢ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠪᠠᠶᠠᠷ ᠨᠢ 10 ᠰᠠᠷ᠎ᠠ ᠵᠢᠨ 15 ᠡᠴᠡ 31 ᠤ᠋ ᠡᠳᠦᠷ ᠪᠤᠯᠲᠠᠯ᠎ᠠ ᠱᠠᠨᠰᠢ ᠮᠤᠵᠢ ᠳ᠋ᠥ ᠵᠤᠬᠢᠶᠠᠨ ᠪᠠᠶᠢᠭᠤᠯᠤᠬᠳᠠᠬᠤ ᠪᠤᠯᠤᠨ᠎ᠠ᠃   

ᠤᠷᠠᠯᠢᠭ ᠤᠨ ᠪᠠᠶᠠᠷ ᠨᠢ ᠪᠢᠯᠸᠲ ᠤᠨ ᠦᠨ᠎ᠡ ᠳᠤ ᠲᠤᠬᠢᠷᠠᠭᠤᠯᠤᠯᠲᠠ ᠬᠢᠵᠦ᠂ 100 ᠲᠦᠭᠦᠷᠢᠭ ᠡᠴᠡ ᠳᠤᠷᠤᠭᠰᠢ ᠦᠨ᠎ᠡ ᠶᠢᠨ ᠪᠢᠯᠸᠲ 65% ᠶ᠋ᠢ᠋ ᠡᠵᠡᠯᠡᠨ᠂ ᠬᠠᠮᠤᠭ ᠤᠨ ᠬᠢᠮᠳᠠ ᠳ᠋ᠥ ᠪᠠᠨ 20 ᠲᠦᠭᠦᠷᠢᠭ ᠬᠦᠷᠦᠨ᠎ᠡ᠃ ᠲᠤᠰ ᠤᠳᠠᠭᠠᠨ ᠤ ᠤᠷᠠᠯᠢᠭ ᠤᠨ ᠪᠠᠶᠠᠷ ᠢ ᠱᠠᠨᠰᠢ ᠮᠤᠵᠢ ᠵᠢᠨ 12 ᠬᠤᠳᠠ ᠬᠠᠮᠲᠦᠷᠠᠨ ᠵᠤᠬᠢᠶᠠᠨ ᠪᠠᠶᠢᠭᠤᠯᠵᠠᠢ᠃ ᠳᠤᠮᠳᠠᠳᠤ ᠤᠯᠤᠰ ᠤᠨ ᠤᠷᠠᠯᠢᠭ ᠤᠨ ᠪᠠᠶᠠᠷ ᠨᠢ ᠮᠠᠨ ᠤ ᠤᠯᠤᠰ ᠤᠨ ᠪᠠᠷᠢᠮᠵᠢᠶ᠎ᠠ ᠪᠡᠷ ᠬᠠᠮᠤᠭ ᠤᠨ ᠦᠨᠳᠦᠷ᠂ ᠨᠦᠯᠦᠬᠡᠯᠡᠬᠦ ᠬᠦᠴᠦᠨ ᠶᠢᠡᠷ ᠬᠠᠮᠤᠭ ᠤᠨ ᠶᠡᠬᠡ ᠤᠯᠤᠰ ᠤᠨ ᠬᠡᠮᠵᠢᠶᠡᠨ ᠤ ᠤᠷᠠᠯᠢᠭ ᠤᠨ ᠪᠠᠶᠠᠷ ᠪᠤᠯᠤᠨ᠎ᠠ᠃

ᠢᠷᠡᠯᠳᠡ᠄ ᠰᠢᠨᠬᠤᠸᠠ ᠮᠣᠩᠭᠣᠯ ᠨᠧᠲ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ