3 ᠳ᠋ᠤᠭᠠᠷ ᠬᠤᠭᠤᠴᠠᠭᠠᠨ ᠤ ᠳᠡᠯᠡᠬᠡᠢ ᠶᠢᠨ ᠢᠨᠲ᠋ᠧᠷᠨᠧᠲ ᠤᠨ ᠶᠡᠬᠡ ᠬᠤᠷᠠᠯ ᠡᠦ ᠵᠧᠨ ᠪᠠᠯᠭᠠᠰᠤᠨ ᠳᠤ ᠵᠤᠬᠢᠶᠠᠨ ᠪᠠᠶᠢᠭᠤᠯᠤᠬᠳᠠᠬᠤ ᠪᠡᠷ ᠪᠤᠢ

ᠤᠩᠰᠢᠭᠰᠠᠨ ᠤᠳᠠᠭ᠎ᠠ ᠄ 837    ᠨᠡᠶᠢᠳᠡᠯᠡᠭᠰᠡᠨ ᠴᠠᠭ ᠄ 2016-10-13

ᠲᠦᠷᠦ ᠶᠢᠨ ᠶᠠᠪᠤᠳᠠᠯ  ᠤᠨ ᠬᠤᠷᠢᠶᠠᠨ ᠤ ᠬᠡᠪᠯᠡᠯ ᠮᠡᠳᠡᠭᠡᠯᠡᠯ ᠤᠨ ᠠᠯᠪᠠᠨ ᠤ ᠬᠤᠷᠠᠯᠳᠤᠭᠤᠯᠤᠬᠰᠠᠨ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠬᠰᠨᠨ ᠢᠶᠡᠷ᠂ 3 ᠳ᠋ᠤᠭᠠᠷ ᠬᠤᠭᠤᠴᠠᠭᠠᠨ ᠤ ᠳᠡᠯᠡᠬᠡᠢ ᠶᠢᠨ ᠢᠨᠲ᠋ᠧᠷᠨᠧᠲ ᠤᠨ ᠶᠡᠬᠡ ᠬᠤᠷᠠᠯ 11 ᠰᠠᠷ᠎ᠠ ᠶᠢᠨ 16 ᠤ᠋ ᠡᠳᠦᠷ ᠡᠴᠡ 18 ᠤ᠋ ᠡᠳᠦᠷ ᠪᠤᠯᠲᠠᠯ᠎ᠠ ᠵᠧᠵᠢᠶᠠᠩ ᠮᠤᠵᠢ ᠶᠢᠨ ᠦ᠋ ᠵᠧᠨ ᠪᠠᠯᠭᠠᠰᠤᠨ ᠳᠤ ᠵᠤᠬᠢᠶᠠᠨ ᠪᠠᠶᠢᠭᠤᠯᠤᠬᠳᠠᠬᠤ ᠪᠡᠷ ᠪᠤᠢ᠃

ᠬᠤᠷᠠᠯ ᠤᠨ ᠦᠶ᠎ᠡ ᠪᠡᠷ᠂ ᠤᠯᠤᠰ ᠤᠨ ᠢᠨᠲ᠋ᠧᠷᠨᠧᠲ ᠰᠤᠷᠠᠬ ᠵᠠᠩᠬᠢ ᠶᠢᠨ ᠠᠯᠪᠠᠨ ᠤ ᠳᠡᠳ᠋ ᠡᠷᠬᠢᠯᠡᠭᠴᠢ ᠷᠧᠨ ᠰᠢᠶᠠᠨ ᠯᠢᠶᠠᠩ᠂ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠪᠠᠢᠢᠡᠭᠭᠤ ᠵᠢᠨ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠭ᠍ᠧ ᠾᠦᠢ ᠵᠢᠶᠦ᠋ᠨ᠂ ᠲᠦᠩ ᠰᠢᠶᠠᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠦ ᠶᠤᠸᠠᠢ ᠳ᠋ᠦᠩ ᠨᠠᠷ 3 ᠳ᠋ᠤᠭᠠᠷ ᠬᠤᠭᠤᠴᠠᠭᠠᠨ ᠤ ᠳᠡᠯᠡᠬᠡᠢ ᠶᠢᠨ ᠢᠨᠲ᠋ᠧᠷᠨᠧᠲ ᠤᠨ ᠶᠡᠬᠡ ᠬᠤᠷᠠᠯ ᠤᠨ ᠬᠤᠯᠪᠤᠬᠳᠠᠬᠤ ᠵᠦᠢᠯ᠂ ᠪᠡᠯᠡᠳᠬᠡᠯ ᠠᠵᠢᠯ ᠵᠡᠷᠭᠡ ᠶᠢᠨ ᠲᠠᠯ᠎ᠠ ᠪᠡᠷ ᠰᠤᠷᠪᠤᠯᠵᠢᠯᠠᠬᠴᠢᠳ ᠤᠨ ᠠᠰᠠᠭᠤᠯᠲᠠ ᠵᠢ ᠬᠠᠷᠢᠭᠤᠯᠤᠬᠰᠠᠨ ᠪᠠᠶᠢᠨ᠎ᠠ᠃

ᠢᠷᠡᠯᠳᠡ᠄ ᠰᠢᠨᠬᠤᠸᠠ ᠮᠣᠩᠭᠣᠯ ᠨᠧᠲ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ