ᠲᠠᠯ᠎ᠠ ᠨᠤᠳᠤᠬ ᠤᠨ ᠰᠤᠶᠤᠯ ᠪᠤᠯ ᠪᠦᠬᠦ ᠬᠦᠮᠦᠨ ᠲᠦᠷᠦᠯᠬᠢᠲᠡᠨ ᠤ ᠬᠠᠮᠲᠦ ᠶ᠋ᠢᠨ ᠦᠪ ᠮᠦᠨ

ᠤᠩᠰᠢᠭᠰᠠᠨ ᠤᠳᠠᠭ᠎ᠠ ᠄ 965    ᠨᠡᠶᠢᠳᠡᠯᠡᠭᠰᠡᠨ ᠴᠠᠭ ᠄ 2016-10-13

ᠲᠠᠯ᠎ᠠ ᠨᠤᠳᠤᠬ ᠤᠨ ᠰᠤᠶᠤᠯ ᠪᠤᠯ ᠪᠦᠬᠦ ᠬᠦᠮᠦᠨ ᠲᠦᠷᠦᠯᠬᠢᠲᠡᠨ ᠤ ᠬᠠᠮᠲᠦ ᠶ᠋ᠢᠨ ᠦᠪ ᠮᠦᠨ
                    ᠲᠠᠯ᠎ᠠ ᠨᠤᠲᠤᠭ ᠤᠨ ᠰᠤᠶᠤᠯ ᠤᠨ ᠬᠦᠭᠵᠢᠯᠲᠡ ᠶ᠋ᠢᠨ ᠢᠷᠡᠭᠡᠳᠦᠢ ᠶ᠋ᠢᠨ ᠲᠣᠬᠠᠢ
                                                    ● ᠬᠤᠸᠠᠩ ᠶ᠋ᠢᠨ
        ᠬᠦᠮᠦᠨ ᠲᠦᠷᠦᠯᠬᠢᠲᠡᠨ ᠤ ᠲᠡᠤᠬᠡ ᠪᠣᠯ ᠨᠢᠭᠡᠨ ᠪᠤᠳᠢ ᠰᠤᠶᠤᠯ ᠤᠨ ᠲᠡᠤᠬᠡ ᠪᠤᠯᠤᠨ᠎ᠠ᠃ ᠬᠦᠮᠦᠨ ᠲᠦᠷᠦᠯᠬᠢᠲᠡᠨ ᠲᠡᠤᠬᠡ ᠶ᠋ᠢ ᠡᠭᠦᠳᠬᠦ ᠶ᠋ᠢᠨ ᠬᠠᠮᠲᠣ ᠦᠪᠡᠷ ᠤᠨ ᠢᠶᠡᠨ ᠰᠤᠶᠤᠯ ᠢᠶᠡᠨ ᠡᠭᠦᠳᠦᠨ ᠪᠦᠲᠦᠭᠡᠵᠤ ᠪᠠᠶᠢᠳᠠᠭ᠃ ᠶᠠᠮᠠᠷᠪᠠ ᠨᠢᠭᠡᠨ ᠦᠨᠳᠦᠰᠦᠲᠡᠨ ᠤ ᠰᠤᠶᠤᠯ ᠭᠡᠳ ᠪᠦᠷ ᠲᠤᠰ ᠦᠨᠳᠦᠰᠦᠲᠡᠨ ᠤ  ᠪᠦᠷᠢᠯᠳᠦᠬᠦᠨ ᠤ ᠬᠠᠮᠲᠦ ᠶ᠋ᠢᠨ ᠬᠦᠳᠡᠯᠮᠦᠷᠢ ᠶ᠋ᠢᠨ ᠡᠭᠦᠳᠦᠨ ᠪᠦᠲᠦᠭᠡᠯᠲᠡ ᠪᠠ ᠤᠶᠤᠨ ᠰᠠᠨᠠᠭᠠᠨ ᠤ ᠣᠬᠢ ᠪᠦᠲᠦᠭᠡᠯ ᠪᠣᠯᠬᠤ ᠶᠤᠮ᠂ ᠲᠡᠷᠡ ᠨᠢ ᠲᠤᠰ ᠦᠨᠳᠦᠰᠦᠲᠡᠨ ᠤ ᠬᠦᠭᠵᠢᠯ ᠮᠠᠨᠳᠦᠯ ᠤᠨ ᠦᠪ ᠬᠦᠷᠦᠩᠭᠡ ᠪᠤᠯᠬᠤ ᠪᠠᠷ ᠪᠠᠷᠠᠬᠤ ᠦᠭᠡᠢ᠂ ᠮᠦᠨ ᠴᠤ ᠪᠦᠬᠦ ᠬᠦᠮᠦᠨ ᠲᠦᠷᠦᠯᠬᠢᠲᠡᠨ ᠤ ᠬᠠᠮᠲᠦ ᠶ᠋ᠢᠨ ᠦᠪ ᠪᠣᠯᠬᠤ ᠶᠤᠮ᠃        

ᠲᠠᠯ᠎ᠠ ᠨᠤᠲᠤᠭ ᠤᠨ ᠰᠤᠶᠤᠯ ᠪᠣᠯ ᠦᠪᠦᠷ ᠮᠤᠩᠭᠤᠯ ᠤᠨ ᠬᠠᠮᠤᠭ  ᠲᠦᠯᠦᠭᠡᠯᠡᠬᠦ  ᠴᠢᠨᠠᠷ  ᠪᠦᠬᠦᠢ  ᠣᠷᠣᠨ  ᠬᠡᠪᠴᠢᠶᠡᠨ ᠤ ᠰᠣᠶᠤᠯ  ᠪᠣᠯᠬᠤ ᠶᠤᠮ᠂  ᠲᠡᠭᠦᠨᠴᠢᠯᠡᠨ  ᠲᠡᠷᠡ ᠨᠢ  ᠳᠣᠮᠳᠠᠳᠤ ᠶ᠋ᠢᠨ  ᠦᠨᠳᠦᠰᠦᠲᠡᠨ ᠤ ᠰᠣᠶᠤᠯ ᠤᠨ ᠭᠤᠷᠪᠠᠨ  ᠲᠣᠮᠤ ᠡᠬᠢ ᠤᠷᠤᠰᠬᠠᠯ ᠤᠨ ᠨᠢᠭᠡ ᠨᠢ ᠪᠣᠯᠤᠨ᠎ᠠ᠃ ᠲᠡᠤᠬᠡ ᠶ᠋ᠢᠨ ᠬᠦᠭᠵᠢᠯᠲᠡ ᠶ᠋ᠢᠨ ᠬᠠᠷᠠᠭᠠᠰᠤ ᠡᠴᠠ ᠰᠢᠨᠵᠢᠯᠡᠪᠡᠯ᠂ ᠲᠠᠯ᠎ᠠ ᠨᠤᠲᠤᠭ ᠤᠨ ᠰᠣᠶᠤᠯ ᠪᠣᠯ ᠲᠡᠤᠬᠡᠨ ᠳᠡᠭᠡᠷᠡᠬᠢ ᠲᠠᠯ᠎ᠠ ᠨᠤᠲᠤᠭ ᠤᠨ ᠦᠨᠳᠦᠰᠦᠲᠡᠨ ᠤ ᠬᠠᠮᠲᠦ ᠪᠠᠷ ᠪᠦᠲᠦᠭᠡᠭᠰᠡᠨ ᠤᠵᠠᠭᠤᠷ ᠠᠮᠢ ᠠᠬᠤᠶᠢᠴᠢ ᠰᠢᠨᠵᠢᠲᠠᠢ ᠬᠠᠮ ᠬᠡᠯᠪᠡᠷᠢ ᠶ᠋ᠢᠨ ᠰᠣᠶᠣᠯ ᠪᠤᠯᠬᠤ ᠶᠤᠮ᠃ ᠭᠡᠲᠡᠯ᠎ᠡ ᠠᠬᠤᠶᠢᠴᠢ ᠣᠳᠬ᠎ᠠ ᠠᠭᠤᠯᠭ᠎ᠠ ᠡᠴᠠ ᠨᠢ ᠰᠢᠨᠵᠢᠯᠡᠪᠡᠯ᠂ ᠲᠠᠯ᠎ᠠ ᠨᠣᠲᠤᠭ ᠤᠨ ᠰᠣᠶᠣᠯ ᠪᠣᠯ ᠤᠳᠣ ᠦᠶ᠎ᠡ ᠶ᠋ᠢᠨ ᠡᠯ᠎ᠡ ᠦᠨᠳᠦᠰᠦᠲᠡᠨ ᠤ ᠬᠠᠮᠲᠤ ᠪᠠᠷ ᠤᠯᠠᠮᠵᠢᠯᠠᠵᠤ᠂ ᠦᠷᠭᠦᠯᠵᠢᠯᠡᠨ ᠬᠦᠭᠵᠢᠭᠦᠯᠦᠨ ᠪᠠᠶᠢᠭ᠎ᠠ ᠠᠮᠢᠵᠢᠷᠡᠯ ᠤᠨ ᠬᠦᠴᠦᠨ ᠪᠦᠬᠦᠢ ᠰᠣᠶᠤᠯ ᠪᠣᠯᠬᠤ ᠶᠤᠮ᠃        

ᠤᠷᠲᠤ ᠤᠳᠠᠭᠠᠨ ᠲᠡᠤᠬᠡᠨ ᠤᠯᠠᠮᠵᠢᠯᠠᠯ ᠲᠠᠢ ᠳᠤᠮᠳᠠᠳᠤ ᠶ᠋ᠢᠨ ᠦᠨᠳᠦᠰᠦᠲᠡᠨ ᠤ ᠰᠤᠶᠤᠯ  ᠪᠣᠯ ᠣᠯᠠᠨ ᠡᠰᠢᠲᠦ ᠰᠣᠶᠤᠯ ᠤᠨ ᠰᠢᠰᠲ᠋ᠧᠮ ᠪᠣᠯᠤᠨ᠎ᠠ᠃ ᠵᠦᠩᠶᠦᠸᠠᠨ ᠣᠷᠣᠨ ᠡᠴᠠ ᠡᠭᠦᠰᠦᠨ ᠮᠠᠨᠳᠤᠭᠰᠡᠨ ᠲᠠᠷᠢᠶᠠᠯᠠᠬᠤ ᠰᠤᠶᠤᠯ ᠲᠠᠢ ᠠᠳᠠᠯᠢᠳᠬᠠᠪᠠᠯ᠂ ᠲᠠᠯ᠎ᠠ ᠨᠤᠲᠤᠭ ᠤᠨ ᠰᠤᠶᠤᠯ ᠪᠤᠯ ᠮᠠᠨ ᠤ ᠤᠯᠤᠰ ᠤᠨ ᠣᠮᠠᠷᠠᠲᠦ ᠣᠷᠤᠨ ᠤ ᠲᠠᠯ᠎ᠠ ᠨᠤᠲᠤᠭ ᠤᠨ ᠨᠡᠭᠦᠳᠡᠯᠴᠢᠨ ᠦᠨᠳᠦᠰᠦᠲᠡᠨ ᠤ ᠡᠭᠦᠳᠦᠨ ᠪᠦᠲᠦᠭᠡᠭᠰᠡᠨ ᠦᠪᠡᠷᠮᠢᠴᠡ ᠣᠨᠴᠠᠯᠢᠬᠲᠦ ᠰᠤᠶᠣᠯ ᠪᠣᠯᠬᠤ ᠶᠤᠮ᠃ ᠵᠦᠩᠶᠦᠸᠠᠨ ᠣᠷᠣᠨ ᠤ ᠲᠠᠷᠢᠶᠠᠯᠠᠬᠤ ᠰᠤᠶᠤᠯ ᠲᠠᠢ ᠢᠯᠡ ᠲᠣᠳᠣ ᠢᠯᠭᠠᠭ᠎ᠠ ᠲᠠᠢ ᠲᠠᠯ᠎ᠠ ᠨᠤᠲᠤᠭ ᠤᠨ ᠰᠤᠶᠤᠯ ᠪᠤᠯ ᠮᠦᠨ ᠴᠤ ᠳᠤᠮᠳᠠᠳᠣ ᠶ᠋ᠢᠨ  ᠰᠣᠶᠤᠯ ᠤᠨ  ᠴᠢᠬᠤᠯᠠ  ᠪᠦᠷᠢᠯᠳᠦᠭᠦᠨ ᠬᠡᠰᠡᠭ᠂ ᠮᠠᠨ ᠤ ᠤᠯᠤᠰ ᠤᠨ ᠰᠤᠶᠤᠯ ᠤᠨ ᠬᠦᠷᠢᠶᠡᠯᠡᠩ ᠳ᠋ᠠᠬᠢ ᠨᠢᠭᠡᠨ ᠪᠣᠳᠢ ᠰᠣᠷᠭᠤᠭ  ᠴᠡᠴᠡᠭ ᠪᠤᠯᠤᠨ᠎ᠠ᠃  ᠲᠠᠯ᠎ᠠ  ᠨᠤᠲᠤᠭ ᠤᠨ ᠰᠤᠶᠤᠯ ᠨᠢ ᠲᠡᠭᠦᠨ ᠤ ᠰᠤᠶᠤᠯ ᠤᠨ ᠤᠯᠠᠮᠵᠢᠯᠠᠯ ᠪᠠ ᠤᠳᠬ᠎ᠠ ᠠᠭᠤᠯᠤᠭᠳᠠᠬᠤᠨ ᠢᠶᠠᠷ ᠢᠶᠡᠨ ᠪᠤᠰᠤᠳ ᠰᠤᠶᠤᠯ ᠡᠴᠠ ᠣᠨᠴᠠᠯᠢᠭᠳᠠᠨ᠂ ᠦᠪᠡᠷᠮᠢᠴᠡ ᠰᠣᠶᠤᠯ ᠤᠨ ᠣᠨᠴᠠᠯᠢᠭ ᠰᠢᠨᠵᠢ ᠶ᠋ᠢ ᠪᠦᠷᠢᠯᠳᠦᠭᠦᠯᠦᠭᠰᠡᠨ ᠪᠦᠭᠡᠳ ᠡᠭᠦᠰᠦᠨ ᠬᠦᠭᠵᠢᠬᠦ ᠤᠷᠲᠣ ᠤᠳᠠᠭᠠᠨ ᠲᠡᠤᠬᠡᠨ ᠶᠠᠪᠤᠴᠠ ᠳᠠᠭᠠᠨ ᠪᠣᠰᠣᠳ ᠦᠨᠳᠦᠰᠦᠲᠡᠨ ᠶᠠᠰᠤᠲᠡᠨ ᠤ ᠰᠤᠶᠤᠯ᠂ ᠣᠨᠴᠠᠭᠠᠶ᠋ᠢᠯᠠᠨ ᠵᠦᠩᠶᠦᠸᠠᠨ ᠣᠷᠣᠨ ᠤ ᠰᠤᠶᠤᠯ ᠲᠠᠢ  ᠬᠠᠷᠢᠯᠴᠡᠨ ᠨᠦᠯᠦᠭᠡᠯᠡᠵᠤ᠂ ᠬᠠᠷᠢᠯᠴᠡᠨ ᠠᠬᠢᠭᠤᠯᠬᠤ ᠶ᠋ᠢᠨ ᠤᠯᠠᠮ ᠢᠶᠠᠷ ᠳᠤᠮᠳᠠᠳᠤ ᠶ᠋ᠢᠨ ᠦᠨᠳᠦᠰᠦᠲᠡᠨ ᠤ ᠰᠤᠶᠤᠯ ᠤᠨ ᠦᠢ ᠤᠯᠠᠨ  ᠨᠡᠶ᠋ᠢᠲᠡᠯᠢᠭ ᠰᠢᠨᠵᠢ ᠲᠠᠢ ᠪᠣᠯᠵᠤ᠂ ᠳᠤᠮᠳᠠᠳᠤ ᠶ᠋ᠢᠨ ᠦᠨᠳᠦᠰᠦᠲᠡᠨ ᠤ ᠤᠯᠠᠨ ᠡᠰᠢᠲᠦ ᠰᠤᠶᠤᠯ ᠤᠨ ᠠᠭᠤᠯᠭ᠎ᠠ ᠶ᠋ᠢ ᠶᠡᠭᠡ ᠪᠠᠷ  ᠪᠠᠶᠠᠯᠢᠭᠵᠢᠭᠤᠯᠤᠨ᠂ ᠳᠤᠮᠳᠠᠳᠤ ᠶ᠋ᠢᠨ ᠰᠤᠶᠤᠯ ᠤᠨ ᠨᠡᠩ ᠶᠡᠭᠡ ᠬᠦᠭᠵᠢᠯᠲᠡ ᠶ᠋ᠢ ᠠᠬᠢᠭᠤᠯᠵᠠᠢ᠃        

ᠣᠳᠣᠬᠢ ᠴᠠᠭ ᠦᠶ᠎ᠡ ᠲᠠᠰᠤᠷᠡᠯ ᠦᠭᠡᠢ ᠣᠷᠣᠭᠰᠢ ᠳᠠᠪᠰᠢᠵᠤ᠂ ᠶᠠᠩᠵᠤ ᠪᠦᠷᠢ ᠶ᠋ᠢᠨ ᠰᠤᠶᠤᠯ  ᠮᠦᠴᠡᠭᠡᠷᠬᠡᠨ ᠳᠡᠯᠭᠡᠷᠡᠭᠰᠡᠨ ᠰᠢᠨ᠎ᠡ ᠡᠷᠡᠨ ᠳ᠋ᠤ᠂ ᠪᠦᠬᠦ ᠤᠯᠤᠰ ᠴᠢᠨᠠᠬᠰᠢᠯᠠᠨ ᠳᠡᠯᠡᠬᠡᠢ ᠶ᠋ᠢᠨ ᠦᠢ ᠤᠯᠠᠨ  ᠦᠨᠳᠦᠰᠦᠲᠡᠨ ᠶᠠᠰᠤᠲᠡᠨ ᠤ ᠳᠣᠮᠳᠠ ᠲᠣᠰ ᠦᠨᠳᠦᠰᠦᠲᠡᠨ ᠤ ᠰᠤᠶᠤᠯ ᠢᠶᠡᠨ ᠬᠡᠷᠬᠢᠨ ᠤᠯᠠᠮᠵᠢᠯᠡᠨ ᠵᠠᠯᠭᠠᠮᠵᠢᠯᠠᠵᠤ᠂ ᠰᠢᠨᠡᠴᠢᠯᠡᠨ ᠬᠦᠭᠵᠢᠭᠦᠯᠬᠦ ᠨᠢ ᠴᠠᠭ ᠦᠶ᠎ᠡ ᠡᠴᠠ ᠲᠠᠯᠪᠢᠬᠰᠡᠨ ᠪᠠᠴᠢᠮ ᠲᠤᠯᠭᠠᠮ᠎ᠠ ᠱᠠᠭᠠᠷᠳᠠᠯᠭ᠎ᠠ ᠪᠣᠯᠵᠠᠢ᠃ ᠲᠠᠯ᠎ᠠ ᠨᠤᠲᠤᠭ ᠤᠨ ᠰᠤᠶᠤᠯ ᠢ ᠬᠡᠷᠬᠢᠨ ᠭᠦᠨ ᠭᠦᠨᠵᠡᠭᠡᠢ ᠰᠢᠰᠲ᠋ᠧᠮ ᠲᠠᠢ  ᠰᠤᠳᠣᠯᠵᠤ᠂ ᠲᠠᠯ᠎ᠠ ᠨᠤᠲᠤᠭ ᠤᠨ ᠰᠤᠶᠤᠯ ᠤᠨ ᠰᠢᠨᠵᠢᠯᠡᠭᠡᠨ ᠤ ᠲᠤᠭᠲᠠᠯᠴᠠᠭ᠎ᠠ ᠶ᠋ᠢ ᠪᠠᠶᠢᠭᠤᠯᠬᠤ᠂ ᠲᠠᠯ᠎ᠠ ᠨᠤᠲᠤᠭ ᠤᠨ ᠰᠤᠶᠤᠯ ᠢ ᠬᠡᠷᠬᠢᠨ ᠰᠢᠨᠡᠴᠢᠯᠡᠨ ᠬᠦᠭᠵᠢᠭᠦᠯᠵᠦ᠂ ᠨᠡᠩ ᠰᠠᠶᠢᠨ ᠢᠶᠠᠷ ᠲᠡᠭᠦᠨ ᠤ ᠰᠢᠨ᠎ᠡ ᠴᠠᠭ  ᠦᠶ᠎ᠡ ᠶ᠋ᠢᠨ ᠦᠨ᠎ᠡ ᠦᠷᠲᠡᠭ ᠢ ᠢᠯᠡᠷᠡᠭᠦᠯᠬᠦ᠂ ᠲᠠᠯ᠎ᠠ ᠨᠤᠲᠤᠭ ᠤᠨ ᠰᠤᠶᠤᠯ ᠢ ᠬᠡᠷᠬᠢᠨ ᠵᠣᠬᠢᠴᠠᠭᠤᠯᠤᠨ ᠲᠣᠬᠢᠷᠠᠭᠤᠯᠵᠤ᠂ ᠣᠳᠣ ᠦᠶ᠎ᠡ ᠶ᠋ᠢᠨ ᠬᠤᠲᠠᠴᠢᠯᠠᠯᠲᠠ ᠶ᠋ᠢᠨ ᠠᠯᠬᠤᠭ᠎ᠠ ᠲᠠᠢ ᠨᠡᠶᠢᠴᠡᠭᠦᠯᠬᠦ᠂ ᠲᠠᠯ᠎ᠠ ᠨᠤᠲᠤᠭ ᠤᠨ ᠰᠤᠶᠤᠯ ᠢ ᠬᠡᠷᠬᠢᠨ ᠡᠷᠴᠢᠮᠲᠠᠢ ᠤᠬᠠᠭᠤᠯᠵᠤ᠂ ᠣᠯᠠᠨ ᠤᠯᠤᠰ ᠤᠨ ᠡᠷᠳᠡᠮ ᠰᠢᠨᠵᠢᠯᠡᠭᠡᠨ ᠤ ᠲᠦᠪᠰᠢᠨ ᠳ᠋ᠤ  ᠭᠦᠷᠭᠡᠬᠦ᠂ ᠲᠠᠯ᠎ᠠ ᠨᠤᠲᠤᠭ ᠤᠨ ᠰᠣᠶᠣᠯ ᠢ ᠬᠡᠷᠬᠢᠨ  ᠴᠢᠬᠤᠯᠠᠴᠢᠯᠠᠨ ᠠᠩᠬᠠᠷᠴᠤ᠂ ᠦᠪᠦᠷ  ᠮᠤᠩᠭᠤᠯ ᠤᠨ  ᠦᠨᠳᠦᠰᠦᠲᠡᠨ ᠤ  ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠳ᠋ᠤ ᠦᠢᠯᠡᠴᠢᠯᠡᠭᠦᠯᠬᠦ ᠵᠡᠷᠭᠡ ᠪᠣᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠢᠷᠡᠭᠡᠳᠦᠢ ᠶ᠋ᠢᠨ ᠰᠤᠶᠤᠯ ᠤᠨ ᠪᠦᠲᠦᠭᠡᠨ   ᠪᠠᠶᠢᠭᠤᠯᠤᠯᠲᠠ ᠶ᠋ᠢᠨ ᠡᠷᠬᠡᠪᠰᠢ ᠠᠩᠬᠠᠷᠴᠤ ᠰᠢᠢᠳᠪᠦᠷᠢᠯᠡᠬᠦ ᠴᠢᠬᠤᠯᠠᠲᠠᠢ ᠲᠤᠯᠭᠠᠮ᠎ᠠ ᠠᠰᠠᠭᠤᠳᠠᠯ ᠤᠳ ᠪᠤᠯᠤᠨ᠎ᠠ᠃        

2004 ᠤᠨ ᠳ᠋ᠤ᠂ ᠦᠪᠦᠷ ᠮᠤᠩᠭᠤᠯ ᠤᠨ ᠨᠠᠮ ᠤᠨ ᠬᠤᠷᠢᠶ᠎ᠠ᠂ ᠵᠠᠰᠠᠭ ᠤᠨ  ᠤᠷᠳᠣᠨ ᠡᠴᠠ  《 ᠲᠠᠯ᠎ᠠ ᠨᠤᠲᠤᠭ ᠤᠨ ᠰᠤᠶᠤᠯ ᠰᠣᠳᠤᠯᠤᠯ ᠤᠨ ᠢᠨᠵᠧᠨᠧᠷᠢᠩ 》 ᠢ ᠡᠬᠢᠯᠡᠨ ᠶᠠᠪᠤᠭᠳᠠᠭᠤᠯᠤᠭᠰᠡᠨ ᠡᠴᠠ ᠨᠠᠰᠢ᠂ ᠲᠠᠯ᠎ᠠ ᠨᠤᠲᠤᠭ ᠤᠨ ᠰᠤᠶᠤᠯ ᠰᠤᠳᠤᠯᠤᠯ᠂ ᠲᠠᠯ᠎ᠠ ᠨᠤᠲᠤᠭ ᠤᠨ ᠰᠤᠶᠤᠯ ᠤᠨ ᠦᠷᠲᠡᠭ ᠤᠨ ᠦᠵᠡᠯᠲᠡ ᠶ᠋ᠢᠨ ᠲᠣᠬᠠᠢ ᠳᠤᠷᠠᠳᠣᠯᠲᠠ᠂ ᠲᠠᠯ᠎ᠠ ᠨᠤᠲᠤᠭ ᠤᠨ ᠰᠤᠶᠤᠯ ᠤᠨ ᠨᠡᠷᠡᠲᠦ ᠲᠡᠮᠲᠡᠭ ᠤᠨ ᠴᠣᠭᠴᠠᠯᠠᠯᠲᠠ ᠮᠡᠲᠦ ᠶ᠋ᠢᠨ ᠣᠯᠠᠨ ᠲᠠᠯ᠎ᠠ ᠪᠠᠷ ᠬᠦᠮᠦᠰ ᠢ ᠭᠠᠶᠢᠬᠠᠭᠤᠯᠤᠮ᠎ᠠ ᠠᠮᠵᠢᠯᠲᠠ ᠪᠦᠲᠦᠮᠵᠢ ᠣᠯᠪᠠ᠃        

ᠲᠠᠯ᠎ᠠ ᠨᠤᠲᠤᠭ ᠤᠨ ᠰᠣᠶᠣᠯ ᠤᠨ ᠠᠵᠤ ᠦᠢᠯᠡᠰᠵᠢᠯᠲᠡ ᠶ᠋ᠢᠨ ᠠᠬᠢᠴᠠ ᠮᠡᠳᠡᠭᠳᠡᠬᠦᠶᠢᠴᠡ ᠲᠦᠷᠭᠡᠳᠴᠦ᠂ ᠮᠠᠨ ᠤ ᠣᠷᠣᠨ ᠤ ᠠᠵᠤ ᠠᠬᠤᠢ᠂ ᠨᠡᠶᠢᠭᠡᠮ᠂ ᠰᠣᠶᠣᠯ ᠤᠨ ᠪᠦᠲᠦᠭᠡᠨ ᠪᠠᠶᠢᠭᠤᠯᠤᠯᠲᠠ ᠳ᠋ᠤ ᠴᠢᠬᠤᠯᠠ ᠬᠤᠪᠢ ᠨᠡᠮᠡᠷᠢ ᠦᠵᠡᠭᠦᠯᠵᠦ ᠪᠠᠶᠢᠨ᠎ᠠ᠃ ᠲᠠᠯ᠎ᠠ ᠨᠤᠲᠤᠭ ᠤᠨ ᠰᠣᠶᠣᠯ ᠪᠣᠯ ᠦᠪᠦᠷ ᠮᠣᠩᠭᠤᠯ ᠤᠨ ᠬᠠᠮᠤᠭ ᠳᠤᠪᠤᠶᠢᠮ᠎ᠠ ᠣᠨᠴᠠᠯᠢᠭ ᠪᠦᠬᠦᠢ ᠰᠣᠶᠣᠯ ᠤᠨ  ᠨᠡᠷ᠎ᠡ ᠶ᠋ᠢᠨ ᠺᠠᠷᠲ ᠪᠣᠯᠬᠤ ᠮᠦᠷᠲᠡᠭᠡᠨ ᠤᠯᠤᠰ ᠤᠨ ᠳᠣᠲᠤᠨ᠎ᠠ ᠭᠠᠳᠠᠨ᠎ᠠ ᠠᠯᠳᠠᠷᠰᠢᠬᠰᠡᠨ ᠰᠤᠶᠣᠯ ᠤᠨ ᠨᠡᠷᠡᠲᠦ ᠲᠡᠮᠲᠡᠭ  ᠪᠣᠯᠤᠨ᠎ᠠ᠃ ᠦᠪᠦᠷ ᠮᠤᠩᠭᠤᠯ ᠤᠨ ᠦᠨᠢᠷ ᠪᠠᠶᠠᠨ ᠪᠠᠶᠢᠭᠠᠯᠢ ᠶ᠋ᠢᠨ ᠡᠬᠢ ᠪᠠᠶᠠᠯᠢᠭ᠂ ᠭᠦᠨ ᠵᠤᠵᠠᠭᠠᠨ ᠰᠣᠶᠣᠯ ᠢᠷᠭᠡᠨᠰᠢᠯ ᠤᠨ ᠡᠬᠢ ᠪᠠᠶᠠᠯᠢᠭ᠂  ᠦᠶ᠎ᠡ ᠤᠯᠠᠮᠵᠢᠯᠠᠨ ᠵᠠᠯᠭᠠᠮᠵᠢᠯᠠᠭᠳᠠᠨ ᠢᠷᠡᠭᠰᠡᠨ ᠠᠷᠠᠳ ᠤᠨ ᠵᠠᠩ ᠦᠢᠯᠡ ᠶ᠋ᠢᠨ ᠰᠣᠶᠤᠯ ᠤᠨ ᠡᠬᠢ   ᠪᠠᠶᠠᠯᠢᠭ᠂ ᠲᠡᠭᠦᠨᠴᠢᠯᠡᠨ ᠲᠠᠯ᠎ᠠ ᠨᠤᠲᠤᠭ ᠤᠨ ᠰᠣᠶᠤᠯ ᠤᠨ ᠨᠡᠷᠡᠲᠦ ᠲᠡᠮᠲᠡᠭ ᠤᠨ ᠳᠠᠪᠠᠭᠤᠯᠢᠭ ᠵᠡᠷᠭᠡ ᠨᠢ  ᠦᠪᠦᠷ ᠮᠤᠩᠭᠤᠯ ᠤᠨ ᠲᠠᠯ᠎ᠠ ᠨᠤᠲᠤᠭ ᠤᠨ ᠰᠣᠶᠣᠯ ᠤᠨ ᠠᠵᠤ ᠦᠢᠯᠡᠰ ᠤᠨ ᠪᠦᠷᠢᠯᠳᠦᠯ ᠪᠠ ᠬᠦᠭᠵᠢᠯᠲᠡ ᠳ᠋ᠤ ᠠᠰᠢᠭᠲᠠᠢ ᠰᠠᠶᠢᠨ ᠨᠦᠭᠦᠴᠡᠯ ᠳᠣᠬᠢᠶᠠᠯ ᠢ  ᠪᠦᠷᠢᠯᠳᠦᠭᠦᠯᠵᠦ ᠦᠭᠴᠠᠢ᠃ ᠮᠠᠨ ᠤ ᠤᠯᠤᠰ ᠡᠴᠠ ᠨᠢᠭᠡᠨᠲᠡ ᠰᠤᠶᠤᠯ ᠤᠨ ᠠᠵᠤ ᠦᠢᠯᠡᠰ ᠢ ᠤᠯᠤᠰ ᠠᠷᠠᠳ ᠤᠨ ᠠᠵᠤ ᠠᠬᠤᠢ ᠪᠠ  ᠦᠭᠡᠷᠡᠴᠢᠯᠡᠯᠲᠡ ᠶ᠋ᠢᠨ ᠶᠡᠷᠦᠩᠬᠡᠢ ᠬᠦᠭᠵᠢᠯᠲᠡ ᠶ᠋ᠢᠨ ᠲᠦᠯᠦᠪᠵᠢᠭᠦᠯᠭᠡ ᠳ᠋ᠤ ᠣᠷᠣᠭᠤᠯᠤᠭᠰᠡᠨ ᠪᠠᠶᠢᠨ᠎ᠠ᠃ ᠡᠬᠡ ᠤᠯᠤᠰ ᠤᠨ ᠣᠮᠠᠷᠠᠲᠤ ᠬᠢᠯᠢ ᠳ᠋ᠤ ᠪᠠᠶᠢᠷᠢᠰᠢᠨ ᠪᠠᠶᠢᠭ᠎ᠠ ᠦᠪᠦᠷ ᠮᠤᠩᠭᠤᠯ ᠤᠨ ᠦᠪᠡᠷᠲᠡᠭᠡᠨ ᠵᠠᠰᠠᠬᠤ  ᠣᠷᠣᠨ ᠡᠴᠠ ᠰᠣᠶᠣᠯ ᠤᠨ ᠠᠵᠤ ᠦᠢᠯᠡᠰ ᠢ ᠬᠦᠭᠵᠢᠭᠦᠯᠬᠦ ᠶ᠋ᠢ ᠴᠢᠬᠤᠯᠠᠴᠢᠯᠠᠨ ᠠᠩᠬᠠᠷᠴᠤ᠂ ᠦᠨᠳᠦᠰᠦᠲᠡᠨ ᠤ ᠰᠣᠶᠣᠯ ᠤᠨ ᠲᠣᠮᠤ ᠣᠷᠣᠨ ᠡᠴᠠ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ  ᠲᠡᠰᠢ ᠠᠬᠢᠬᠤ ᠪᠠᠶᠢᠯᠲᠤᠬᠤ ᠪᠣᠳᠣᠯᠭ᠎ᠠ ᠶ᠋ᠢᠨ ᠲᠦᠰᠦᠪ ᠢ ᠳᠣᠷᠠᠳᠣᠨ ᠭᠠᠷᠭᠠᠪᠠ᠃ ᠦᠪᠦᠷ ᠮᠤᠩᠭᠤᠯ ᠤᠨ ᠰᠣᠶᠣᠯ ᠤᠨ ᠠᠵᠤ ᠦᠢᠯᠡᠰ ᠤᠨ ᠬᠦᠭᠵᠢᠯᠲᠡ ᠶ᠋ᠢᠨ ᠰᠠᠶᠢᠨ ᠰᠠᠶᠢᠬᠠᠨ ᠵᠤᠯ ᠵᠠᠪᠰᠢᠶᠠᠨ ᠳ᠋ᠤ  ᠳᠣᠬᠢᠶᠠᠯᠳᠣᠭᠤᠯᠤᠨ᠂ ᠦᠪᠦᠷ  ᠮᠤᠩᠭᠤᠯ ᠤᠨ ᠲᠠᠯ᠎ᠠ ᠨᠤᠲᠤᠭ ᠤᠨ ᠰᠣᠶᠤᠯ ᠤᠨ ᠠᠵᠤ ᠦᠢᠯᠡᠰ ᠢ ᠬᠡᠷᠬᠢᠨ  ᠡᠷᠴᠢᠮ ᠲᠡᠭᠦᠯᠳᠡᠷ ᠬᠢᠵᠤ᠂ ᠦᠨᠳᠦᠰᠦᠲᠡᠨ ᠤ ᠰᠣᠶᠣᠯ ᠤᠨ ᠲᠣᠮᠤ ᠣᠷᠣᠨ ᠡᠴᠠ ᠦᠨᠳᠦᠰᠦᠲᠡᠨ ᠤ ᠰᠣᠶᠣᠯ ᠤᠨ ᠬᠦᠴᠦᠷᠬᠡᠭ ᠣᠷᠣᠨ ᠲᠡᠰᠢ ᠠᠬᠢᠬᠤ ᠠᠬᠢᠯᠲᠠ ᠶ᠋ᠢ ᠪᠡᠶᠡᠯᠡᠭᠦᠯᠬᠦ ᠨᠢ ᠨᠢᠭᠡᠨᠲᠡ ᠦᠪᠦᠷ  ᠮᠤᠩᠭᠤᠯ ᠤᠨ ᠠᠵᠤ ᠠᠬᠤᠢ᠂ ᠨᠡᠶᠢᠭᠡᠮ᠂ ᠰᠣᠶᠣᠯ ᠤᠨ ᠵᠣᠬᠢᠴᠡᠯᠳᠤᠨ ᠬᠦᠭᠵᠢᠬᠦ ᠳ᠋ᠤ ᠱᠠᠭᠠᠷᠳᠠᠭᠳᠠᠬᠤ  ᠪᠤᠳᠠᠲᠠᠢ ᠠᠰᠠᠭᠤᠳᠠᠯ ᠪᠣᠯᠵᠠᠢ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠡᠴᠠ ᠰᠣᠶᠤᠯ ᠤᠨ ᠪᠠᠶᠢᠭᠤᠯᠤᠮᠵᠢ ᠶ᠋ᠢᠨ ᠦᠭᠡᠷᠡᠴᠢᠯᠡᠯᠲᠡ ᠪᠠ ᠰᠣᠶᠤᠯ ᠤᠨ ᠠᠵᠤ ᠦᠢᠯᠡᠰ ᠤᠨ ᠬᠦᠭᠵᠢᠯᠲᠡ ᠶ᠋ᠢ ᠶᠡᠬᠡᠪᠡᠷ ᠠᠩᠬᠠᠷᠴᠦ᠂  ᠰᠣᠶᠤᠯ ᠤᠨ ᠪᠠᠶᠢᠭᠤᠯᠤᠮᠵᠢ ᠶ᠋ᠢᠨ ᠦᠭᠡᠷᠡᠴᠢᠯᠡᠯᠲᠡ ᠶ᠋ᠢᠨ ᠲᠤᠬᠠᠢ ᠪᠤᠳᠠᠲᠠᠢ ᠬᠡᠷᠡᠭᠵᠢᠭᠦᠯᠬᠦ ᠲᠦᠰᠦᠪ ᠢ ᠲᠣᠭᠲᠠᠭᠠᠭᠰᠠᠨ ᠪᠠᠶᠢᠨ᠎ᠠ᠃ ᠡᠳᠦᠭᠡ ᠰᠣᠶᠣᠯ ᠤᠨ ᠠᠵᠤ ᠦᠢᠯᠡᠰ ᠤᠨ ᠰᠢᠰᠲ᠋ᠧᠮ ᠤᠨ ᠲᠡᠭᠦᠯᠳᠡᠷᠵᠢᠭᠦᠯᠤᠯᠲᠡ ᠶ᠋ᠢᠨ ᠲᠠᠯ᠎ᠠ ᠪᠠᠷ ᠬᠡᠪᠯᠡᠬᠦ ᠲᠠᠷᠬᠠᠭᠠᠬᠤ᠂ ᠷᠠᠳᠢᠣ᠋ ᠲᠧᠯᠸᠢᠰ  ᠺᠢᠨᠣ᠋᠂ ᠲᠤᠭᠯᠠᠯᠲᠠ ᠪᠠ ᠨᠠᠶᠢᠷ ᠨᠠᠭᠠᠳᠤᠮ᠂ ᠰᠣᠶᠣᠯ ᠵᠤᠭᠠᠴᠠᠯ᠂ ᠦᠨᠳᠦᠰᠦᠲᠡᠨ ᠤ ᠭᠠᠷ ᠤᠷᠠᠯᠠᠯ ᠤᠨ  ᠪᠦᠲᠦᠭᠡᠭᠳᠡᠭᠦᠨ᠂ ᠬᠠᠭᠤᠴᠢ ᠦᠵᠡᠰᠭᠦᠯᠡᠩ ᠵᠡᠷᠭᠡ ᠭᠤᠤᠯ ᠪᠤᠯᠬᠤ ᠴᠣᠭᠴᠠ ᠪᠦᠬᠦᠢ ᠠᠵᠤ ᠦᠢᠯᠡᠰ ᠤᠨ ᠪᠦᠯᠦᠭᠯᠡᠯ ᠡᠬᠢᠯᠡᠨ ᠪᠦᠷᠢᠯᠳᠦᠵᠤ᠂ ᠴᠢᠨᠠᠬᠰᠢᠯᠠᠨ ᠰᠢᠨ᠎ᠡ ᠪᠠᠷ ᠦᠷᠨᠢᠨ ᠪᠦᠬᠦᠢ ᠺᠠᠷᠲ᠋ᠤᠨ ᠲᠣᠭᠯᠠᠭᠠᠮ᠂ ᠰᠣᠷᠠᠭ ᠵᠠᠩᠭᠢ ᠶ᠋ᠢᠨ ᠦᠢᠯᠡᠴᠢᠯᠡᠭᠡ ᠲᠠᠢ ᠬᠠᠮᠲᠦ ᠰᠢᠨᠡᠷᠡᠬᠥᠨ ᠣᠨᠴᠠᠯᠢᠭ ᠲᠠᠢ᠂ ᠨᠡᠯᠢᠶᠡᠳ ᠪᠦᠷᠢᠨ ᠪᠦᠲᠦᠨ ᠠᠵᠤ ᠦᠢᠯᠡᠰ ᠤᠨ ᠰᠢᠰᠲ᠋ᠧᠮ ᠪᠦᠷᠢᠯᠳᠦᠪᠡ᠃        

ᠰᠣᠶᠣᠯ ᠤᠨ ᠪᠦᠲᠦᠭᠡᠨ ᠪᠠᠶᠢᠭᠤᠯᠤᠯᠲᠠ ᠶ᠋ᠢᠨ ᠲᠠᠯ᠎ᠠ ᠪᠠᠷ ᠣᠳᠣᠬᠠᠨ ᠳ᠋ᠤ ᠨᠢᠭᠡᠨᠲᠡ ᠰᠣᠶᠣᠯ ᠤᠨ ᠪᠦᠲᠦᠭᠡᠨ ᠪᠠᠶ᠋ᠢᠭᠤᠯᠤᠯᠲᠠ ᠶ᠋ᠢᠨ ᠲᠠᠯ᠎ᠠ ᠪᠠᠷ ᠣᠳᠣᠬᠠᠨ ᠳ᠋ᠤ ᠨᠢᠭᠡᠨᠲᠡ ᠣᠯᠤᠰ ᠤᠨ ᠳᠡᠰ ᠤᠨ ᠰᠣᠶᠣᠯ ᠤᠨ ᠠᠵᠤ ᠦᠢᠯᠡᠰ ᠤᠨ ᠰᠠᠭᠤᠷᠢᠨ 5᠂ ᠣᠷᠣᠨ ᠤ ᠳᠡᠰ ᠤᠨ ᠠᠵᠤ ᠦᠢᠯᠡᠰ ᠤᠨ ᠵᠢᠱᠢᠶ᠎ᠠ ᠥᠵᠡᠬᠥᠯᠬᠥ  ᠰᠠᠭᠤᠷᠢᠨ ᠭᠠᠵᠠᠷ 34 ᠶ᠋ᠢ ᠪᠠᠶᠢᠭᠤᠯᠵᠤ᠂ ᠪᠦᠬᠦ ᠣᠷᠣᠨ ᠤ ᠰᠣᠶᠣᠯ ᠤᠨ ᠠᠵᠤ ᠦᠢᠯᠡᠰ ᠤᠨ ᠨᠢᠭᠡᠴᠡ 9429  ᠪᠣᠯᠵᠤ᠂ 2004 ᠣᠨ ᠤ ᠬᠢ ᠡᠴᠠ 3 ᠳᠠᠬᠢᠨ ᠣᠷᠴᠢᠮ ᠨᠡᠮᠡᠭᠳᠡᠵᠠᠢ᠃ ᠡᠭᠦᠨ ᠳ᠋ᠤ ᠳ᠋ᠦᠩᠰᠢᠭᠤᠷ ᠡᠴᠠ ᠳᠠᠪᠠᠭᠰᠡᠨ ᠬᠦᠷᠦᠩᠭᠡ ᠪᠦᠬᠦᠢ ᠳᠠᠭᠠᠭᠤᠯᠤᠭᠴᠢ ᠠᠵᠤ ᠠᠬᠤᠶᠢᠯᠠᠯ 65 ᠪᠠᠶᠢᠵᠤ᠂ ᠬᠡᠪᠴᠢᠶᠡᠵᠢᠭᠰᠡᠨ ᠠᠵᠤ ᠠᠬᠤᠶᠢᠯᠠᠯ 171 ᠬᠦᠷᠴᠦ᠂ ᠤᠢᠯᠡᠰ ᠡᠷᠬᠢᠯᠡᠵᠤ ᠪᠠᠶᠢᠭ᠎ᠠ ᠬᠦᠮᠦᠰ 13.95  ᠲᠦᠮᠡ ᠲᠤᠯᠵᠠᠢ᠃ ᠰᠣᠶᠣᠯ ᠢᠶᠡᠨ 《 ᠭᠠᠳᠠᠭᠰᠢ ᠳᠡᠯᠭᠡᠷᠡᠭᠦᠯᠬᠦ 》 ᠪᠠᠶᠢᠯᠳᠤᠬᠤ ᠪᠣᠳᠣᠯᠭ᠎ᠠ ᠪᠣᠳᠠᠲᠠᠢ ᠦᠷ᠎ᠡ ᠪᠦᠲᠦᠮᠵᠢ ᠤᠯᠵᠤ᠂ ᠳᠡᠯᠡᠬᠡᠢ ᠶ᠋ᠢᠨ ᠪᠠ ᠤᠯᠤᠰ ᠤᠨ ᠳᠣᠲᠣᠭᠠᠲᠦ ᠶ᠋ᠢᠨ ᠵᠠᠬ᠎ᠠ ᠳᠡᠯᠭᠡᠭᠦᠷ ᠢ ᠠᠭᠠᠵᠢᠮ ᠢᠶᠠᠷ ᠨᠡᠭᠡᠭᠡᠪᠡ᠃ ᠡᠯ᠎ᠡ ᠠᠶᠢᠮᠠᠭ ᠬᠤᠲᠠ ᠦᠨᠳᠦᠰᠦᠲᠡᠨ ᠤ ᠣᠨᠴᠠᠯᠢᠭ ᠪᠠ ᠭᠠᠵᠠᠷ ᠣᠷᠣᠨ ᠤ ᠣᠨᠴᠠᠯᠢᠭ ᠪᠦᠬᠦᠢ ᠰᠣᠶᠣᠯ ᠤᠨ ᠨᠠᠶᠢᠷ ᠢ ᠡᠷᠬᠢᠯᠡᠵᠤ᠂ ᠲᠤᠰ ᠭᠠᠵᠠᠷ ᠤᠨ ᠠᠵᠤ ᠠᠬᠤᠢ ᠨᠡᠶᠢᠭᠡᠮ ᠤᠨ ᠬᠦᠭᠵᠢᠯᠲᠡ ᠳ᠋ᠤ ᠰᠢᠨ᠎ᠡ ᠬᠦᠭᠵᠢᠯᠲᠡ ᠶ᠋ᠢᠨ ᠠᠵᠤ ᠳᠣᠬᠢᠶᠠᠯ ᠢ ᠠᠪᠴᠢᠷᠠᠪᠠ᠃ ᠦᠨᠳᠦᠰᠦᠲᠡᠨ ᠤ ᠤᠯᠠᠮᠵᠢᠯᠠᠯᠲᠦ ᠳᠠᠭᠤᠤ ᠤᠷᠠᠯᠢᠭ᠂ ᠠᠷᠠᠳ ᠤᠨ ᠳᠠᠭᠤᠤ ᠪᠦᠵᠢᠭ᠂ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋  ᠲᠧᠯᠸᠢᠰ᠂ ᠭᠠᠷ ᠤᠷᠠᠯᠠᠯ ᠤᠨ ᠪᠦᠲᠦᠭᠡᠭᠳᠡᠭᠦᠨ ᠤ ᠠᠵᠤ ᠦᠢᠯᠡᠰᠵᠢᠯᠲᠡ ᠶ᠋ᠢᠨ ᠠᠬᠢᠴᠠ ᠨᠡᠯᠢᠶᠡᠳ ᠰᠠᠶᠢᠨ  ᠪᠠᠶᠢᠳᠠᠯ ᠳ᠋ᠤ ᠣᠷᠣᠵᠤ᠂ ᠲᠠᠯ᠎ᠠ ᠨᠤᠲᠤᠭ ᠤᠨ ᠰᠣᠶᠣᠯ ᠤᠨ ᠡᠬᠢ ᠪᠠᠶᠠᠯᠢᠭ ᠢ ᠠᠭᠤᠳᠠᠯᠬᠤ᠂ ᠡᠮᠬᠢᠯᠡᠬᠦ᠂ ᠰᠣᠳᠣᠯᠬᠤ ᠪᠠ ᠲᠦᠭᠡᠮᠡᠯᠵᠢᠭᠦᠯᠦᠨ ᠲᠠᠷᠬᠠᠭᠠᠬᠤ ᠠᠵᠢᠯ ᠨᠡᠯᠢᠶᠡᠳ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃        

ᠡᠳᠦᠭᠡ ᠲᠠᠯ᠎ᠠ ᠨᠤᠲᠤᠭ ᠤᠨ ᠰᠣᠶᠤᠯ ᠤᠨ ᠠᠵᠤ ᠦᠢᠯᠡᠰ ᠤᠨ ᠣᠯᠠᠨ ᠡᠰᠢᠴᠢᠯᠡᠭᠰᠡᠨ  ᠬᠦᠭᠵᠢᠯᠲᠡ ᠶ᠋ᠢᠨ ᠲᠤᠭᠲᠡᠴᠨ ᠠᠩᠬ᠎ᠠ ᠠᠯᠬᠤᠮ  ᠪᠦᠷᠢᠯᠳᠦᠵᠦ᠂ ᠲᠠᠯ᠎ᠠ ᠨᠤᠲᠤᠭ ᠤᠨ ᠰᠣᠶᠣᠯ ᠢᠶᠠᠷ ᠠᠵᠤ   ᠠᠬᠤᠶᠢᠯᠠᠯ ᠤᠨ ᠬᠦᠭᠵᠢᠯᠲᠡ ᠶ᠋ᠢᠨ ᠭᠤᠤᠯᠯᠠᠬᠤ ᠣᠶᠢᠯᠠᠭᠠᠭᠳᠠᠬᠤᠨ ᠪᠤᠯᠭᠠᠭᠰᠡᠨ ᠲᠤᠯᠭᠠᠭᠤᠷᠢᠯᠠᠬᠤ ᠠᠵᠤ  ᠠᠬᠤᠶᠢᠯᠠᠯ ᠲᠠᠰᠤᠷᠠᠯᠲᠠ ᠦᠭᠡᠢ ᠢᠯᠡᠷᠡᠵᠤ᠂ ᠲᠠᠯ᠎ᠠ ᠨᠤᠲᠤᠭ ᠤᠨ ᠪᠤᠬᠢᠷᠳᠤᠯ ᠦᠭᠡᠢ ᠢᠳᠡᠭᠡᠨ ᠪᠠ ᠲᠠᠯ᠎ᠠ  ᠨᠤᠲᠤᠭ ᠤᠨ ᠰᠣᠶᠤᠯ ᠤᠨ ᠠᠵᠤ ᠦᠢᠯᠡᠰ ᠤᠨ ᠬᠡᠯᠬᠢᠶᠡᠨ ᠤ ᠬᠤᠯᠪᠤᠭᠳᠡᠯ ᠪᠦᠬᠦᠢ ᠨᠦᠯᠦᠭᠡᠯᠡᠯ ᠠᠭᠠᠵᠢᠮ ᠢᠶᠠᠷ ᠬᠦᠨᠵᠡᠭᠡᠢᠷᠡᠭᠰᠡᠡ ᠪᠠᠶᠢᠨ᠎ᠠ᠃ ᠲᠠᠯ᠎ᠠ ᠨᠤᠲᠤᠭ ᠤᠨ ᠰᠣᠶᠣᠯ ᠢᠶᠠᠷ ᠭᠤᠤᠯ ᠣᠨᠴᠠᠯᠢᠭ ᠪᠣᠯᠭᠠᠭᠰᠡᠨ ᠰᠣᠶᠤᠯ ᠵᠤᠭᠠᠴᠠᠯ ᠤᠨ ᠦᠢᠯᠡᠰ᠂ ᠣᠳᠬ᠎ᠠ ᠣᠷᠠᠯᠢᠭ ᠤᠨ ᠦᠢᠯᠡᠰ᠂ ᠰᠣᠨᠢᠨ ᠮᠡᠳᠡᠭᠡ ᠬᠡᠪᠯᠡᠯ ᠤᠨ ᠦᠢᠯᠡᠰ᠂ ᠷᠠᠳᠢᠣ᠋ ᠺᠢᠨᠣ᠋ ᠲᠧᠯᠸᠢᠰ ᠤᠨ ᠦᠢᠯᠡᠰ᠂ ᠬᠠᠭᠤᠴᠢ ᠦᠵᠡᠰᠭᠦᠯᠡᠩ ᠤᠨ ᠦᠢᠯᠡᠰ ᠪᠠ ᠦᠨᠳᠦᠰᠦᠲᠡᠨ ᠤ ᠭᠠᠷ ᠤᠷᠠᠯᠠᠯ ᠤᠨ ᠦᠢᠯᠡᠰ ᠵᠡᠷᠭᠡ ᠪᠠᠷ ᠭᠤᠤᠯ ᠴᠣᠭᠴᠠ ᠪᠣᠯᠭᠠᠭᠰᠡᠨ ᠦᠪᠦᠷ ᠮᠤᠩᠭᠤᠯ ᠤᠨ ᠲᠠᠯ᠎ᠠ ᠨᠤᠲᠤᠭ ᠤᠨ ᠰᠤᠶᠤᠯ ᠤᠨ ᠠᠵᠤ ᠦᠢᠯᠡᠰ ᠤᠨ ᠲᠣᠭᠲᠡᠴᠨ ᠡᠬᠢᠯᠡᠨ  ᠪᠦᠷᠢᠯᠳᠦᠭᠰᠡᠨ ᠪᠠᠶᠢᠨ᠎ᠠ᠃ ᠡᠭᠦᠨ ᠤ ᠬᠠᠮᠲᠦ ᠵᠠᠷ ᠮᠡᠳᠡᠭᠡ ᠲᠥᠰᠤᠪᠯᠡᠯ᠂ ᠰᠣᠷᠠᠭ  ᠵᠠᠩᠭᠢ ᠶ᠋ᠢᠨ ᠦᠢᠯᠡᠴᠢᠯᠡᠭᠡ᠂ ᠭᠠᠷ ᠣᠷᠠᠯᠠᠯ ᠤᠨ ᠪᠦᠲᠦᠭᠡᠭᠳᠡᠭᠦᠨ ᠤ  ᠰᠢᠨᠵᠢᠯᠡᠯᠲᠡ ᠲᠥᠰᠤᠪᠯᠡᠯ ᠨᠡᠭᠡᠭᠡᠯᠲᠡ᠂ ᠪᠢᠴᠢᠯ ᠳᠠᠭᠤᠤ ᠬᠦᠭᠵᠢᠮ᠂ ᠪᠢᠴᠢᠯ ᠺᠢᠨᠣ᠋᠂ ᠪᠢᠴᠢᠯ ᠬᠤᠳᠠᠯᠳᠤᠭ᠎ᠠ᠂  ᠲᠤᠭᠠᠴᠢᠯᠠᠭᠰᠡᠨ ᠰᠤᠨᠢᠨ᠂ ᠺᠠᠷᠲ᠋ᠤᠨ ᠲᠣᠭᠯᠠᠭᠠᠮ ᠵᠡᠷᠭᠡ ᠰᠢᠨ᠎ᠡ ᠬᠡᠯᠪᠡᠷᠢ ᠶ᠋ᠢᠨ᠂ ᠦᠢᠯᠡᠴᠢᠯᠡᠭᠡᠨ ᠤ  ᠬᠡᠯᠪᠡᠷᠢ ᠶ᠋ᠢᠨ᠂ ᠰᠢᠨᠵᠢᠯᠡᠭᠡᠨ ᠤ  ᠬᠡᠯᠪᠡᠷᠢ  ᠪᠤᠯᠤᠨ  ᠬᠤᠳᠠᠯᠳᠣᠭᠠᠨ ᠤ ᠬᠡᠯᠪᠡᠷᠢ ᠶ᠋ᠢᠨ ᠰᠤᠶᠤᠯ ᠤᠨ  ᠠᠵᠤ  ᠦᠢᠯᠡᠰ ᠲᠠᠢ ᠤᠷᠭᠠᠨᠢᠭ ᠢᠶᠠᠷ  ᠤᠶᠠᠯᠳᠤᠵᠤ᠂ ᠦᠨᠳᠦᠰᠦᠲᠡᠨ ᠤ  ᠣᠨᠴᠠᠯᠢᠭ  ᠪᠠ  ᠣᠷᠤᠨ ᠬᠡᠪᠴᠢᠶᠡᠨ ᠤ ᠣᠨᠴᠠᠯᠢᠭ ᠲᠠᠢ ᠦᠪᠦᠷ ᠮᠤᠩᠭᠤᠯ ᠤᠨ ᠲᠠᠯ᠎ᠠ ᠨᠤᠲᠤᠭ ᠤᠨ  ᠰᠣᠶᠤᠯ ᠤᠨ  ᠠᠵᠤ  ᠦᠢᠯᠡᠰ ᠤᠨ  ᠰᠢᠰᠲ᠋ᠧᠮ  ᠠᠩᠬ᠎ᠠ ᠠᠯᠬᠤᠮ ᠲᠦᠯᠦᠪᠰᠢᠷᠡᠭᠰᠡᠨ ᠪᠠᠶ᠋ᠢᠨ᠎ᠠ᠃ ᠲᠠᠯ᠎ᠠ ᠨᠤᠲᠤᠭ ᠤᠨ ᠰᠤᠶᠤᠯ ᠡᠳᠦᠭᠡ  ᠨᠢᠭᠡᠨᠲᠡ  ᠦᠪᠦᠷ  ᠮᠤᠩᠭᠤᠯ ᠤᠨ  ᠠᠵᠤ  ᠠᠬᠤᠢ᠂ ᠨᠡᠶ᠋ᠢᠭᠡᠮ᠂ ᠰᠤᠶᠤᠯ ᠤᠨ ᠬᠦᠭᠵᠢᠯᠲᠡ ᠶ᠋ᠢᠨ ᠳᠣᠲᠠᠭᠳᠠᠵᠤ ᠪᠣᠯᠤᠰᠢ ᠦᠭᠡᠢ ᠴᠢᠬᠤᠯᠠ ᠨᠢᠭᠡᠨ ᠰᠤᠶᠤᠯ ᠤᠨ ᠡᠬᠢ ᠪᠠᠶᠠᠯᠢᠭ ᠪᠣᠯᠵᠠᠢ᠃        

2014 ᠤᠨ ᠤ 1 ᠰᠠᠷ᠎ᠠ ᠳ᠋ᠤ᠂ ᠰᠢ ᠶ᠋ᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳ᠋ᠤ  ᠲᠣᠭᠤᠷᠢᠨ ᠪᠠᠶᠢᠴᠠᠭᠠᠬᠤ ᠦᠶᠡᠰ 《 ᠡᠬᠡ ᠤᠯᠤᠰ ᠤᠨ ᠤᠮᠠᠷᠠᠲᠦ  ᠬᠢᠯᠢ ᠶ᠋ᠢᠨ ᠡᠨᠡᠬᠦ ᠦᠵᠡᠮᠵᠢ ᠶ᠋ᠢᠨ  ᠣᠷᠣᠨ ᠢ  ᠨᠡᠩ ᠦᠵᠡᠰᠭᠦᠯᠡᠩ ᠰᠠᠶᠢᠬᠠᠨ  ᠪᠤᠯᠭᠠᠨ ᠴᠣᠭᠴᠠᠯᠠᠨ ᠪᠠᠶᠢᠭᠤᠯᠰᠤᠭᠠᠢ 》 ᠭᠡᠵᠤ  ᠴᠢᠬᠤᠯᠠᠴᠢᠯᠠᠨ ᠵᠢᠭᠠᠵᠦ ᠭᠠᠷᠭᠠᠪᠠ᠃  ᠡᠨᠡᠬᠦ  ᠭᠦᠨ  ᠵᠤᠵᠠᠭᠠᠨ ᠨᠠᠶᠢᠳᠠᠯᠭ᠎ᠠ ᠨᠢ ᠦᠪᠦᠷ ᠮᠤᠩᠭᠤᠯ ᠤᠨ ᠦᠨᠳᠦᠰᠦᠲᠡᠨ ᠤ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶ᠋ᠢᠨ ᠡᠷᠴᠢᠮ  ᠲᠡᠭᠦᠯᠳᠡᠷ ᠬᠦᠳᠡᠯᠭᠡᠬᠦ  ᠬᠦᠴᠦᠨ ᠪᠣᠯᠣᠭᠰᠡᠨ ᠪᠦᠭᠡᠳ ᠴᠢᠬᠤᠯᠠ ᠨᠢᠭᠡᠨ ᠵᠢᠯᠤᠭᠤᠳᠬᠤ ᠦᠵᠡᠯ ᠰᠠᠨᠠᠭ᠎ᠠ ᠪᠣᠯᠵᠠᠢ᠃ ᠮᠠᠨ ᠤ  ᠤᠯᠤᠰ ᠤᠨ ᠰᠤᠶᠤᠯ ᠤᠨ ᠬᠦᠴᠦᠷᠬᠡᠭ ᠤᠯᠤᠰ ᠢ ᠪᠠᠶᠢᠭᠤᠯᠬᠤ ᠬᠦᠭᠵᠢᠯᠲᠡ ᠶ᠋ᠢᠨ ᠬᠠᠷᠠᠯᠲᠠ ᠵᠢᠴᠢ ᠦᠪᠦᠷ ᠮᠤᠩᠭᠤᠯ ᠤᠨ ᠦᠪᠷᠲᠡᠭᠡᠨ  ᠵᠠᠰᠠᠬᠤ  ᠣᠷᠣᠨ ᠤ  ᠰᠤᠶᠤᠯ ᠤᠨ ᠬᠦᠭᠵᠢᠯᠲᠡ ᠶ᠋ᠢᠨ   ᠰᠢᠨ᠎ᠡ  ᠪᠠᠶᠢᠯᠳᠤᠬᠤ  ᠪᠣᠳᠣᠯᠭ᠎ᠠ ᠶ᠋ᠢᠨ  ᠶᠡᠷᠦᠩᠬᠡᠢ ᠪᠠᠶᠢᠷᠢᠰᠢᠭᠤᠯᠤᠯᠲᠠ ᠶ᠋ᠢᠨ ᠶᠣᠰᠤᠭᠠᠷ᠂ ᠮᠠᠨ ᠤ ᠤᠷᠣᠨ 《 ᠦᠨᠳᠦᠰᠦᠲᠡᠨ ᠤ  ᠰᠤᠶᠣᠯ ᠤᠨ  ᠬᠦᠴᠦᠷᠬᠡᠭ  ᠣᠷᠣᠨ ᠤ   ᠪᠦᠲᠦᠭᠡᠨ ᠪᠠᠶᠢᠭᠤᠯᠤᠯᠲᠠ ᠶ᠋ᠢ ᠬᠢᠬᠦ》᠂ 《 ᠦᠪᠦᠷ ᠮᠤᠩᠭᠤᠯ ᠢᠶᠡᠨ ᠲᠠᠯ᠎ᠠ ᠨᠤᠲᠤᠭ ᠤᠨ ᠰᠤᠶᠤᠯ ᠢᠶᠠᠷ ᠭᠤᠣᠯᠯᠠᠭᠰᠠᠨ ᠤᠮᠠᠷᠠᠲᠣ ᠬᠢᠯᠢ ᠶ᠋ᠢᠨ  ᠦᠪᠡᠷᠮᠢᠴᠡ  ᠤᠨᠴᠠᠯᠢᠭ  ᠪᠦᠬᠦᠢ  ᠵᠤᠭᠠᠴᠨᠯ ᠰᠡᠯᠡᠭᠦᠴᠡᠯ ᠤᠨ ᠰᠠᠭᠤᠷᠢᠨ ᠪᠣᠯᠭᠠᠨ ᠪᠦᠲᠦᠭᠡᠨ ᠪᠠᠶᠢᠭᠤᠯᠬᠤ 》 ᠮᠡᠲᠦ ᠶ᠋ᠢᠨ ᠬᠠᠷᠠᠯᠲᠠ ᠶ᠋ᠢ  ᠳᠣᠷᠠᠳᠬᠤ ᠶ᠋ᠢᠨ  ᠳᠠᠭᠠᠤ  《 ᠠᠵᠤ ᠠᠬᠤᠢ ᠬᠦᠭᠵᠢᠵᠤ᠂ ᠦᠨᠳᠦᠰᠦᠲᠡᠨ ᠤ ᠪᠦᠯᠬᠦᠮᠳᠡᠯ ᠨᠢᠭᠲᠠᠷᠠᠵᠤ᠂ ᠰᠤᠶᠤᠯ ᠴᠡᠴᠡᠭᠯᠡᠨ ᠬᠦᠭᠵᠢᠭᠰᠡᠨ᠂ ᠬᠢᠯᠢ ᠬᠢᠵᠠᠭᠠᠷ  ᠠᠮᠤᠷ  ᠲᠣᠭᠲᠠᠭᠤᠨ᠂ ᠠᠮᠢ ᠠᠬᠤᠢ ᠪᠤᠯᠪᠠᠰᠤᠨ᠂ ᠡᠯ᠎ᠡ ᠦᠨᠳᠦᠰᠦᠲᠡᠨ  ᠵᠤᠯ  ᠵᠢᠷᠭᠠᠯᠲᠠᠢ 》  ᠵᠢᠷᠭᠤᠭᠠᠨ  ᠶᠡᠭᠡ  ᠦᠵᠡᠮᠵᠢ ᠶ᠋ᠢᠨ  ᠣᠷᠣᠨ ᠢ  ᠪᠦᠲᠦᠭᠡᠨ ᠪᠠᠶᠢᠭᠤᠯᠬᠤ ᠪᠠᠶᠢᠯᠳᠤᠬᠤ ᠪᠣᠳᠤᠯᠭ᠎ᠠ ᠶ᠋ᠢᠨ ᠴᠢᠭᠯᠡᠯᠲᠡ ᠶ᠋ᠢ ᠳᠣᠷᠠᠳᠣᠨ  ᠭᠠᠷᠭᠠᠵᠤ᠂  ᠲᠠᠯ᠎ᠠ  ᠨᠤᠲᠤᠭ ᠤᠨ  ᠰᠤᠶᠤᠯ ᠢ  ᠰᠢᠨ᠎ᠡ  ᠨᠢᠭᠡᠨ ᠬᠦᠭᠵᠢᠯᠲᠡ ᠶ᠋ᠢᠨ ᠦᠨᠳᠦᠷᠴᠡ ᠳ᠋ᠤ ᠬᠦᠷᠭᠡᠵᠦ᠂ ᠲᠠᠯ᠎ᠠ ᠨᠤᠲᠤᠭ ᠤᠨ ᠰᠤᠶᠤᠯ ᠤᠨ ᠯᠤᠳᠤ ᠶᠡᠭᠡ ᠲᠠᠯᠳᠠ ᠬᠦᠴᠦᠨ ᠢ  ᠢᠯᠡᠷᠡᠭᠦᠯᠦᠭᠰᠡᠨ ᠪᠠᠶᠢᠨ᠎ᠠ᠃        

ᠦᠨᠦᠳᠦᠷ ᠤᠨ ᠠᠵᠤ ᠠᠬᠤᠢ ᠶ᠋ᠢᠨ ᠳᠠᠶᠠᠭᠠᠷᠴᠢᠯᠠᠯᠲᠠ ᠶ᠋ᠢᠨ ᠠᠬᠢᠴᠠ᠂ ᠰᠣᠷᠠᠭ ᠵᠠᠩᠭᠢ ᠶ᠋ᠢᠨ ᠨᠢᠰᠬᠦ ᠮᠡᠲᠦ ᠬᠦᠭᠵᠢᠯᠲᠠ᠂ ᠵᠠᠬ᠎ᠠ ᠳᠡᠯᠭᠡᠭᠦᠷ ᠤᠨ ᠰᠢᠷᠦᠭᠦᠨ ᠦᠷᠢᠰᠦᠯᠳᠦᠭᠡᠨ ᠵᠡᠷᠭᠡ ᠨᠢ ᠲᠠᠯ᠎ᠠ ᠨᠤᠲᠤᠭ ᠤᠨ ᠰᠤᠶᠤᠯ ᠤᠨ ᠬᠦᠭᠵᠢᠯᠲᠡ ᠳ᠋ᠤ ᠰᠠᠶᠢᠨ ᠰᠠᠶᠢᠬᠠᠨ  ᠠᠵᠨ ᠵᠠᠪᠰᠢᠶᠠᠨ ᠢ ᠠᠪᠴᠢᠷᠠᠭᠰᠠᠨ  ᠮᠦᠷᠲᠡᠭᠡᠨ  ᠮᠦᠨᠴᠦ  ᠬᠦᠨᠳᠦ  ᠬᠡᠴᠡᠭᠦᠤ  ᠰᠢᠯᠭᠠᠯᠲᠠ ᠶ᠋ᠢ  ᠲᠤᠯᠭᠠᠵᠠᠢ᠃  ᠶᠠᠭ ᠡᠶᠢᠮᠦ ᠡᠴᠠ  ᠲᠠᠯ᠎ᠠ ᠨᠤᠲᠤᠭ ᠤᠨ ᠰᠤᠶᠤᠯ ᠤᠨ ᠣᠳᠣᠬᠢ ᠪᠠᠶᠢᠳᠠᠯ ᠪᠠ  ᠬᠦᠭᠵᠢᠯᠲᠡ ᠶ᠋ᠢᠨ  ᠬᠠᠨᠳᠤᠰᠢ ᠳ᠋ᠤ  ᠴᠢᠭᠯᠡᠭᠦᠯᠦᠨ᠂  ᠵᠠᠰᠠᠭ ᠤᠨ  ᠣᠷᠳᠣᠨ ᠡᠴᠠ ᠡᠷᠴᠢᠮ ᠲᠡᠭᠦᠰ ᠠᠷᠭ᠎ᠠ ᠬᠡᠮᠵᠢᠶ᠎ᠡ ᠠᠪᠴᠤ᠂ ᠲᠠᠯ᠎ᠠ ᠨᠤᠲᠤᠭ ᠤᠨ ᠰᠤᠶᠤᠯ ᠤᠨ ᠰᠣᠳᠣᠯᠤᠯ ᠳ᠋ᠤ ᠨᠡᠩ ᠶᠡᠭᠡ ᠪᠡᠯᠡ ᠣᠷᠤᠭᠤᠯᠵᠤ᠂ ᠲᠠᠯ᠎ᠠ ᠨᠤᠲᠤᠭ ᠤᠨ ᠰᠤᠶᠤᠯ ᠤᠨ ᠰᠤᠳᠤᠯᠭᠠᠨ ᠢ ᠡᠷᠴᠢᠮᠲᠠᠢ ᠠᠬᠢᠭᠤᠯᠵᠤ᠂ ᠲᠡᠭᠦᠨ ᠤ ᠦᠪᠦᠷ  ᠮᠤᠩᠭᠤᠯ ᠤᠨ  ᠠᠵᠤ  ᠠᠬᠤᠢ᠂  ᠨᠡᠶᠢᠭᠡᠮ᠂ ᠰᠤᠶᠤᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ᠂ ᠣᠳᠣ ᠦᠶ᠎ᠡ ᠶ᠋ᠢᠨ ᠬᠤᠲᠠᠴᠢᠯᠠᠯᠲᠠ ᠶ᠋ᠢᠨ ᠠᠯᠬᠤᠭ᠎ᠠ ᠲᠠᠢ ᠵᠣᠬᠢᠴᠠᠨ᠂ ᠲᠠᠯ᠎ᠠ  ᠨᠤᠲᠤᠭ ᠤᠨ  ᠰᠣᠶᠤᠯ ᠤᠨ  ᠬᠤᠲᠠᠴᠢᠯᠠᠯᠲᠠ ᠶ᠋ᠢᠨ  ᠠᠬᠢᠴᠠ ᠲᠠᠢ ᠨᠡᠶᠢᠴᠡᠬᠦ ᠳ᠋ᠤ ᠰᠢᠨ᠎ᠡ  ᠨᠢᠭᠡᠨ ᠬᠦᠭᠵᠢᠯᠲᠡ ᠶ᠋ᠢᠨ ᠣᠷᠣᠨ ᠵᠠᠢ ᠬᠠᠩᠭᠠᠬᠤ᠂ ᠲᠠᠯ᠎ᠠ ᠨᠤᠲᠤᠭ ᠤᠨ ᠰᠤᠶᠤᠯ ᠢ 《 ᠭᠠᠳᠠᠭᠰᠢ ᠳᠡᠯᠭᠡᠷᠡᠭᠦᠯᠬᠦ 》 ᠪᠠᠶᠢᠯᠳᠤᠬᠤ  ᠪᠣᠳᠣᠯᠭ᠎ᠠ ᠶ᠋ᠢ ᠬᠢᠨᠠᠮᠠᠭᠠᠢ ᠬᠢᠵᠦ᠂ ᠮᠠᠨ ᠤ ᠤᠯᠤᠰ ᠤᠨ 《 ᠨᠢᠭᠡ ᠪᠦᠰᠡ ᠨᠢᠭᠡ ᠵᠠᠮ 》 ᠤᠨ ᠪᠦᠲᠦᠭᠡᠨ ᠪᠠᠶᠢᠭᠤᠯᠤᠯᠲᠠ ᠳ᠋ᠤ ᠢᠳᠡᠪᠬᠢᠲᠠᠢ ᠣᠷᠤᠯᠴᠠᠬᠤ᠂ ᠣᠳᠣ ᠦᠶ᠎ᠡ ᠶ᠋ᠢᠨ  ᠨᠡᠶᠢᠭᠡᠮ ᠤᠨ ᠬᠦᠭᠵᠢᠯᠲᠡ ᠶ᠋ᠢᠨ ᠤᠷᠤᠰᠬᠠᠯ ᠢ ᠨᠡᠪᠲᠡᠷᠬᠡᠢ ᠠᠵᠢᠵᠤ᠂ ᠲᠠᠯ᠎ᠠ  ᠨᠤᠲᠤᠭ ᠤᠨ  ᠰᠤᠶᠤᠯ ᠤᠨ  ᠠᠵᠤ ᠦᠢᠯᠡᠰᠵᠢᠯᠲᠡ ᠶ᠋ᠢ ᠡᠷᠴᠢᠮᠲᠠᠢ ᠬᠢᠬᠦ᠂ ᠲᠠᠯ᠎ᠠ ᠨᠤᠲᠤᠭ ᠤᠨ  ᠰᠣᠶᠤᠯ ᠤᠨ  ᠭᠤᠤᠯᠯᠠᠬᠤ  ᠦᠷᠲᠡᠭ ᠤᠨ  ᠦᠵᠡᠯᠲᠡ ᠶ᠋ᠢ  ᠢᠳᠡᠪᠬᠢᠲᠠᠢ ᠤᠬᠠᠭᠤᠯᠵᠤ᠂ ᠨᠡᠶᠢᠭᠡᠮ ᠵᠢᠷᠦᠮ ᠤᠨ ᠭᠤᠤᠯᠯᠠᠬᠤ ᠦᠷᠲᠡᠭ ᠤᠨ ᠦᠵᠡᠯᠲᠡ ᠶ᠋ᠢ  ᠬᠦᠮᠦᠵᠢᠭᠦᠯᠬᠦ  ᠪᠠ  ᠦᠢᠯᠡᠳᠦᠯᠭᠡᠵᠢᠭᠦᠯᠬᠦ  ᠳᠤᠮᠳᠠ ᠲᠡᠭᠦᠨ ᠤ ᠨᠢᠭᠤᠭᠳᠠᠮᠠᠯ ᠬᠦᠴᠦᠨ ᠢ ᠭᠦᠢᠴᠡᠳ ᠪᠠᠳᠠᠷᠠᠭᠤᠯᠬᠤ  ᠵᠡᠷᠭᠡ  ᠪᠤᠯ  ᠲᠠᠯ᠎ᠠ  ᠨᠤᠲᠤᠭ ᠤᠨ  ᠰᠤᠶᠤᠯ ᠤᠨ  ᠬᠦᠭᠵᠢᠯᠲᠡ ᠶ᠋ᠢᠨ ᠡᠷᠬᠡᠪᠰᠢ ᠵᠠᠮᠨᠠᠬᠤ ᠶᠤᠰᠤᠲᠠᠢ ᠵᠠᠮ ᠪᠤᠯᠬᠤ ᠮᠦᠷᠲᠡᠭᠡᠨ  ᠮᠦᠨᠴᠦ  ᠳᠤᠮᠳᠠᠳᠤ ᠶ᠋ᠢᠨ  ᠦᠨᠳᠦᠰᠦᠲᠡᠨ ᠤ  ᠰᠤᠶᠤᠯ  ᠵᠢᠴᠢ  ᠳᠡᠯᠡᠬᠡᠢ ᠶ᠋ᠢᠨ ᠰᠤᠶᠤᠯ ᠤᠨ ᠬᠦᠭᠵᠢᠯᠲᠡ ᠳ᠋ᠤ ᠬᠤᠪᠢ ᠨᠡᠮᠡᠷᠢ ᠦᠵᠡᠭᠦᠯᠬᠦ ᠴᠢᠬᠤᠯᠠ ᠠᠷᠭ᠎ᠠ ᠵᠠᠮ ᠮᠦᠨ᠃        

ᠲᠠᠯ᠎ᠠ ᠨᠤᠲᠤᠭ ᠤᠨ ᠰᠤᠶᠤᠯ ᠲᠠᠰᠤᠷᠠᠯᠲᠠ  ᠦᠭᠡᠢ  ᠰᠢᠨ᠎ᠡ ᠶ᠋ᠢ  ᠡᠭᠦᠳᠦᠨ  ᠪᠦᠲᠦᠭᠡᠵᠤ᠂  ᠢᠳᠡᠪᠬᠢᠲᠠᠢ ᠪᠠᠷ  ᠳᠡᠯᠡᠬᠡᠢ ᠳ᠋ᠤ ᠬᠠᠨᠳᠤᠬᠤ ᠶ᠋ᠢᠨ ᠵᠡᠷᠭᠡᠪᠡᠷ᠂ ᠦᠪᠡᠷ ᠤᠨ ᠭᠡᠬᠦ ᠰᠣᠶᠤᠯ ᠤᠨ  ᠰᠢᠯᠢᠳᠡᠭ  ᠤᠯᠠᠮᠵᠢᠯᠠᠯ ᠢᠶᠡᠨ  ᠦᠷᠬᠦᠯᠵᠢᠯᠡᠨ  ᠪᠠᠷᠢᠮᠲᠠᠯᠠᠬᠤ  ᠬᠡᠷᠡᠭᠲᠡᠢ᠃ ᠡᠨᠡ ᠨᠢ ᠣᠳᠣᠬᠢ ᠳᠡᠯᠡᠬᠡᠢ ᠶ᠋ᠢᠨ ᠰᠤᠶᠤᠯ ᠤᠨ ᠲᠣᠭᠲᠡᠴᠨ ᠳᠣᠮᠳᠠ ᠦᠪᠡᠷ ᠤᠨ ᠦᠨ᠎ᠡ ᠦᠷᠲᠡᠭ ᠢᠶᠡᠨ ᠪᠠᠳᠠᠷᠠᠭᠤᠯᠬᠤ ᠪᠦᠲᠦᠮᠵᠢᠲᠠᠢ ᠠᠷᠭ᠎ᠠ ᠵᠠᠮ ᠪᠤᠯᠤᠨ᠎ᠠ᠃ ᠲᠠᠯ᠎ᠠ ᠨᠤᠲᠤᠭ ᠤᠨ ᠰᠣᠶᠤᠯ ᠢ ᠬᠦᠭᠵᠢᠭᠦᠯᠬᠦ ᠳ᠋ᠤ ᠡᠷᠬᠡᠪᠰᠢ ᠲᠠᠯ᠎ᠠ ᠨᠤᠲᠤᠭ ᠤᠨ  ᠰᠣᠶᠤᠯ ᠤᠨ  ᠨᠦᠯᠦᠭᠡᠯᠡᠬᠦ ᠬᠦᠴᠦᠨ ᠢ  ᠲᠠᠰᠤᠷᠠᠯᠲᠠ  ᠦᠭᠡᠢ  ᠳᠡᠭᠡᠭᠰᠢᠯᠡᠭᠦᠯᠵᠦ᠂  ᠦᠪᠦᠷ  ᠮᠤᠩᠭᠤᠯ ᠤᠨ  ᠦᠯᠢᠭᠡᠷ ᠢ   ᠰᠠᠶᠢᠬᠠᠨ ᠬᠦᠦᠷᠨᠢᠵᠦ᠂ ᠦᠪᠦᠷ ᠮᠤᠩᠭᠤᠯ ᠤᠨ ᠳᠠᠭᠤᠨ ᠬᠤᠭᠤᠯᠠᠢ ᠶ᠋ᠢ  ᠳᠡᠯᠡᠬᠡᠢ ᠳ᠋ᠤ  ᠰᠤᠨᠤᠷᠲᠠᠭᠤᠯᠵᠤ᠂  ᠦᠨᠳᠦᠰᠦᠲᠡᠨ ᠤ  ᠬᠦᠴᠦᠷᠬᠡᠭ  ᠣᠷᠣᠨ ᠤ  ᠪᠦᠲᠦᠭᠡᠨ ᠪᠠᠶᠢᠭᠤᠯᠤᠯᠲᠠ ᠶ᠋ᠢᠨ ᠭᠠᠳᠠᠭᠰᠢ ᠳᠤᠰᠬᠠᠯᠲᠠ ᠶ᠋ᠢᠨ ᠦᠷ᠎ᠡ  ᠪᠦᠲᠦᠮᠵᠢ ᠶ᠋ᠢ  ᠴᠢᠩᠭᠠᠳᠬᠠᠬᠤ  ᠬᠡᠷᠡᠭᠲᠠᠢ᠃  ᠡᠭᠦᠨ ᠤ  ᠬᠠᠮᠲᠦ᠂  ᠨᠢᠭᠡ ᠪᠦᠯᠦᠭ ᠲᠠᠯ᠎ᠠ ᠨᠤᠲᠤᠭ ᠤᠨ ᠰᠣᠶᠤᠯ ᠤᠨ ᠣᠨᠴᠠᠯᠢᠭ ᠲᠠᠢ᠂ ᠲᠠᠯ᠎ᠠ ᠨᠤᠲᠤᠭ ᠤᠨ ᠰᠤᠶᠤᠯ ᠤᠨ ᠬᠡᠪ ᠨᠠᠮᠪᠠ ᠲᠠᠢ᠂ ᠲᠠᠯ᠎ᠠ  ᠨᠤᠲᠤᠭ ᠤᠨ ᠰᠣᠶᠤᠯ ᠤᠨ ᠡᠷᠴᠢ ᠬᠦᠴᠦᠨ ᠪᠦᠬᠦᠢ ᠰᠢᠯᠢᠳᠡᠭ ᠪᠦᠲᠦᠭᠡᠯ ᠢ ᠵᠤᠬᠢᠶᠠᠨ ᠪᠦᠲᠦᠭᠡᠵᠤ᠂ ᠦᠪᠦᠷ ᠮᠤᠩᠭᠤᠯ ᠤᠨ ᠣᠯᠣᠰ ᠤᠨ ᠳᠣᠲᠣᠨ᠎ᠠ ᠭᠠᠳᠠᠨᠠᠬᠢ ᠰᠣᠶᠤᠯ ᠤᠨ  ᠨᠦ᠋ᠢᠯᠦᠭᠡᠯᠡᠬᠦ  ᠬᠦᠴᠦᠨ ᠢ  ᠳᠡᠭᠡᠭᠰᠢᠯᠡᠭᠦᠯᠵᠤ᠂  ᠦᠨᠳᠦᠰᠦᠲᠡᠨ ᠤ  ᠰᠣᠶᠤᠯ ᠤᠨ  ᠬᠦᠴᠦᠷᠬᠡᠭ  ᠣᠷᠣᠨ ᠤ ᠪᠦᠲᠦᠭᠡᠨ  ᠪᠠᠶᠢᠭᠤᠯᠤᠯᠲᠠ ᠳ᠋ᠤ ᠤᠶᠤᠨ ᠤ ᠲᠠᠯ᠎ᠠ ᠶ᠋ᠢᠨ ᠳᠡᠮᠵᠢᠯᠭᠡ ᠬᠠᠩᠭᠠᠬᠤ ᠬᠡᠷᠡᠭᠲᠠᠢ᠃ ᠣᠳᠣᠬᠢ ᠳᠣᠮᠳᠠᠳᠤ  ᠣᠯᠤᠰ  ᠪᠣᠯ  ᠠᠵᠤ ᠠᠬᠤᠢ ᠨᠡᠶᠢᠭᠡᠮ ᠬᠦᠭᠵᠢᠵᠤ᠂ ᠰᠤᠶᠤᠯ ᠴᠡᠴᠡᠭᠯᠡᠨ ᠮᠠᠨᠳᠤᠭᠰᠡᠨ ᠰᠢᠨ᠎ᠡ ᠨᠢᠭᠡᠨ ᠲᠡᠤᠬᠡᠲᠦ ᠴᠠᠭ  ᠦᠶ᠎ᠡ ᠳ᠋ᠤ  ᠣᠷᠣᠰᠢᠵᠤ ᠪᠠᠶᠢᠨ᠎ᠠ᠃ ᠳᠤᠮᠳᠠᠳᠤ ᠶ᠋ᠢᠨ ᠦᠨᠳᠦᠰᠦᠲᠡᠨ ᠤ ᠠᠭᠤᠤ ᠶᠡᠭᠡ ᠰᠡᠷᠭᠦᠡ ᠮᠠᠨᠳᠤᠯᠳᠠ ᠶ᠋ᠢ ᠤᠷᠢᠶᠠᠯᠠᠭᠰᠠᠨ  《 ᠳᠤᠮᠳᠠᠳᠤ ᠶ᠋ᠢᠨ  ᠵᠡᠭᠦᠳᠦ 》 ᠨᠢ  ᠲᠠᠯ᠎ᠠ ᠨᠤᠲᠤᠭ ᠤᠨ ᠰᠣᠶᠤᠯ ᠳ᠋ᠤ ᠰᠢᠨ᠎ᠡ ᠬᠦᠭᠵᠢᠯᠲᠡ ᠶ᠋ᠢᠨ ᠠᠵᠠ ᠲᠤᠬᠢᠶᠠᠯ ᠢ ᠠᠪᠴᠢᠷᠠᠵᠤ ᠦᠭᠴᠠᠢ᠃ ᠦᠨᠦᠳᠦᠷ ᠤᠨ  ᠰᠢᠨ᠎ᠡ  ᠴᠠᠭ ᠤᠨ ᠬᠦᠭᠵᠢᠯ ᠮᠠᠨᠳᠤᠯ᠂ ᠰᠢᠨᠵᠢᠯᠡᠭᠡ ᠮᠡᠷᠭᠡᠵᠢᠯ ᠤᠨ ᠨᠢᠰᠬᠦ ᠮᠡᠲᠦ ᠬᠦᠭᠵᠢᠯᠲᠡ᠂ ᠦᠭᠡᠷᠡᠴᠢᠯᠡᠯᠲᠠ ᠨᠡᠭᠡᠭᠡᠯᠲᠡ ᠶ᠋ᠢᠨ  ᠬᠦᠴᠦᠲᠦ  ᠴᠤᠤᠷᠢᠶ᠎ᠠ᠂ ᠰᠤᠶᠤᠯ ᠰᠣᠷᠭᠠᠨ ᠬᠦᠮᠦᠵᠢᠯ ᠤᠨ ᠲᠦᠭᠡᠮᠡᠯᠵᠢᠯᠲᠠ᠂  ᠣᠳᠬ᠎ᠠ  ᠣᠷᠠᠯᠢᠭ ᠤᠨ  ᠳᠠᠪᠰᠢᠯᠲᠠ᠂  ᠠᠷᠠᠳ ᠤᠨ  ᠠᠮᠢᠳᠤᠷᠠᠯ ᠤᠨ  ᠰᠢᠨ᠎ᠡ ᠬᠤᠪᠢᠷᠠᠯᠲᠠ ᠵᠡᠷᠭᠡ ᠨᠢ 《 ᠡᠬᠡ ᠤᠯᠤᠰ ᠤᠨ ᠪᠠᠶᠠᠨ ᠬᠦᠴᠦᠷᠬᠡᠭ᠂ ᠦᠨᠳᠦᠰᠦᠲᠡᠨ ᠪᠦᠬᠦᠨ  ᠬᠦᠭᠵᠢᠯᠲᠠᠢ᠂  ᠠᠷᠠᠳ  ᠲᠦᠮᠡᠨ  ᠵᠤᠯ ᠵᠢᠷᠭᠠᠯ ᠲᠠᠢ》  ᠪᠠᠢᠬᠤ᠋ ᠪᠠᠷ  ᠬᠠᠷᠠᠯᠲᠠ  ᠪᠣᠯᠭᠠᠭᠰᠠᠨ  ᠳᠤᠮᠳᠠᠳᠣ ᠶ᠋ᠢᠨ  ᠬᠦᠰᠡᠯ  ᠵᠡᠭᠦᠳᠦ ᠶ᠋ᠢᠨ  ᠶᠠᠨᠳᠠᠰᠢ  ᠦᠭᠡᠢ  ᠯᠤᠳᠦ   ᠶᠡᠭᠡ ᠳᠠᠪᠰᠢᠯᠲᠠ ᠶ᠋ᠢᠨ ᠬᠦᠴᠦᠨ ᠢ ᠬᠠᠷᠠᠭᠤᠯᠵᠤ ᠪᠠᠶᠢᠭ᠎ᠠ ᠶᠤᠮ᠃        

ᠲᠠᠯ᠎ᠠ ᠨᠤᠲᠤᠭ ᠤᠨ ᠰᠤᠶᠤᠯ ᠪᠤᠯ ᠲᠤᠩ ᠶᠡᠭᠡ ᠠᠮᠢᠵᠢᠷᠠᠯ ᠤᠨ ᠬᠦᠴᠦᠨ ᠲᠠᠢ᠂ ᠣᠷᠣᠭᠰᠢᠯᠠᠯᠲᠠ ᠶ᠋ᠢᠨ ᠵᠣᠷᠢᠭ  ᠰᠠᠨᠠᠭ᠎ᠠ ᠲᠠᠢ ᠰᠣᠶᠤᠯ ᠪᠣᠯᠤᠨ᠎ᠠ᠃ ᠲᠠᠯ᠎ᠠ ᠨᠤᠲᠤᠭ ᠤᠨ ᠰᠣᠶᠣᠯ ᠤᠨ ᠡᠨᠡᠬᠦ ᠠᠮᠢᠵᠢᠷᠠᠯ ᠤᠨ ᠬᠦᠴᠦᠨ ᠪᠠ  ᠵᠣᠷᠢᠭ  ᠰᠠᠨᠠᠭ᠎ᠠ ᠨᠢ ᠨᠡᠶᠢᠭᠡᠮ  ᠵᠢᠷᠤᠮᠲᠦ ᠣᠳᠣᠬᠢᠴᠢᠯᠠᠯᠲᠠ ᠶ᠋ᠢᠨ  ᠦᠢᠯᠡᠳᠦᠯᠭᠡ  ᠳᠤᠮᠳᠠ  ᠲᠠᠰᠦᠷᠠᠯᠲᠠ  ᠦᠭᠡᠢ  ᠰᠢᠨ᠎ᠡ ᠶ᠋ᠢ  ᠡᠭᠦᠳᠴᠦ᠂  ᠰᠢᠨ᠎ᠡ  ᠠᠮᠵᠢᠯᠲᠠ ᠶ᠋ᠢ  ᠣᠯᠬᠤ ᠶᠤᠰᠤᠲᠠᠢ᠃ ᠲᠡᠭᠦᠨ ᠤ ᠦᠪᠡᠷᠮᠢᠴᠡ ᠬᠡᠪ ᠨᠠᠮᠪᠠ ᠵᠢᠴᠢ ᠣᠷᠣᠨ ᠬᠡᠪᠴᠢᠶᠡᠨ ᠤ  ᠰᠣᠶᠣᠯ ᠤᠨ  ᠦᠩᠭᠡ  ᠲᠦᠷᠬᠦ ᠨᠢ  ᠮᠠᠨ ᠤ  ᠡᠬᠡ ᠣᠯᠤᠰ ᠤᠨ ᠠᠵᠤ ᠠᠬᠤᠢ ᠰᠣᠶᠣᠯ ᠤᠨ ᠪᠦᠲᠦᠭᠡᠨ ᠪᠠᠶᠢᠭᠤᠯᠤᠯᠲᠠ ᠳ᠋ᠤ ᠨᠡᠩ  ᠰᠠᠶᠢᠨ ᠰᠠᠶᠢᠬᠠᠨ  ᠬᠦᠭᠵᠢᠯ  ᠴᠡᠴᠡᠭᠯᠡᠯ ᠢ  ᠠᠪᠴᠢᠷᠠᠵᠦ ᠦᠭᠬᠦ ᠶᠤᠮ᠃

ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ