ᠮᠤᠩᠭᠤᠯ ᠦᠰᠦᠭ ᠤᠨ ᠬᠠᠷᠭᠤᠭᠤᠯᠤᠨ ᠵᠠᠯᠠᠷᠠᠭᠤᠯᠬᠤ ᠰᠢᠰᠲ᠋ᠧᠮ ᠢ ᠰᠤᠳᠤᠯᠤᠨ ᠭᠠᠷᠭᠠᠯ᠎ᠠ

ᠤᠩᠰᠢᠭᠰᠠᠨ ᠤᠳᠠᠭ᠎ᠠ ᠄ 1051    ᠨᠡᠶᠢᠳᠡᠯᠡᠭᠰᠡᠨ ᠴᠠᠭ ᠄ 2016-10-13

ᠣᠶᠢᠷ᠎ᠠ ᠶ᠋ᠢᠨ ᠡᠳᠥᠷ᠂ ᠥᠪᠤᠷ ᠮᠤᠩᠭᠤᠯ ᠤᠨ ᠶᠡᠭᠡ ᠰᠤᠷᠭᠠᠭᠤᠯᠢ ᠶ᠋ᠢᠨ ᠺᠤᠮᠫᠢᠦ᠋ᠲ᠋ᠧᠷ ᠤᠨ ᠲᠡᠭᠡᠳᠦ ᠰᠤᠷᠭᠠᠭᠤᠯᠢ ᠶ᠋ᠢᠨ ᠮᠤᠩᠭᠤᠯ ᠬᠡᠯᠡᠨ ᠤ ᠮᠡᠳᠡᠬᠡ ᠵᠠᠩᠭᠢ ᠶ᠋ᠢᠨ ᠰᠢᠢᠳᠪᠤᠷᠢᠯᠡᠬᠦ ᠮᠡᠷᠭᠡᠵᠢᠯ ᠤᠨ ᠳᠤᠷᠰᠢᠯᠳᠠ ᠶ᠋ᠢᠨ ᠲᠠᠰᠤᠭ ᠤᠨ ᠳᠡᠳ᠋ ᠫᠷᠤᠹᠧᠰᠰᠤᠷ ᠹᠸᠢ ᠯᠥᠩ ᠲᠤᠷᠰᠢᠯᠲᠠ ᠶ᠋ᠢᠨ ᠲᠠᠰᠤᠭ ᠤᠨ ᠰᠤᠷᠤᠭᠴᠢ ᠪᠠᠨ ᠳᠠᠭᠠᠭᠤᠯᠤᠨ ᠥᠨᠳᠣᠷ ᠥᠷ᠎ᠡ ᠪᠥᠲᠥᠮᠵᠢᠲᠠᠢ 《 ᠤᠶᠤᠨ 》 ᠮᠣᠩᠭᠤᠯ ᠦᠰᠦᠭ ᠤᠨ ᠬᠠᠷᠭᠤᠭᠤᠯᠤᠨ ᠵᠠᠯᠠᠷᠠᠭᠤᠯᠬᠤ ᠰᠢᠰᠲ᠋ᠧᠮ ᠢ ᠰᠤᠳᠤᠯᠤᠨ ᠭᠠᠷᠭᠠᠪᠠ᠃ ᠲᠤᠰ ᠰᠢᠰᠲ᠋ᠧᠮ ᠨᠢ ᠮᠣᠩᠭᠤᠯ ᠥᠰᠦᠭ ᠤᠨ ᠢᠵᠢᠯ ᠲᠦᠷᠰᠦᠲᠦ ᠦᠰᠦᠭ ᠤᠨ ᠺᠤᠳ᠋ ᠤᠨ ᠠᠯᠳᠠᠭ᠎ᠠ ᠶ᠋ᠢ ᠵᠠᠯᠠᠷᠠᠭᠤᠯᠬᠤ᠂ ᠤᠯᠠᠨ ᠳᠠᠭᠤᠳᠠᠯᠭ᠎ᠠ ᠲᠠᠢ ᠦᠭᠡ ᠶ᠋ᠢ ᠢᠯᠭᠠᠬᠤ᠂ ᠳᠠᠭᠠᠪᠤᠷᠢ ᠶ᠋ᠢᠨ ᠠᠯᠳᠠᠭ᠎ᠠ ᠶ᠋ᠢ ᠵᠠᠯᠠᠷᠠᠭᠤᠯᠬᠤ ᠵᠡᠷᠭᠡ ᠠᠰᠠᠭᠤᠳᠠᠯ ᠤᠳ ᠢ ᠰᠢᠢᠳᠪᠦᠷᠢᠯᠡᠵᠦ᠂ ᠪᠠᠰᠠ ᠲᠠᠰᠢᠶ᠎ᠠ ᠥᠰᠦᠭ ᠢ ᠢᠯᠭᠠᠨ ᠲᠠᠨᠢᠬᠤ ᠪᠠ ᠲᠠᠰᠢᠶ᠎ᠠ ᠪᠤᠷᠤᠭᠤ ᠶ᠋ᠢ ᠵᠠᠯᠠᠷᠠᠭᠤᠯᠬᠤ ᠨᠤᠷᠮ᠎ᠠ ᠨᠢ 97% ᠢ ᠲᠠᠪᠠᠵᠤ᠂ ᠬᠡᠷᠡᠭᠯᠡᠭᠡᠨ ᠤ ᠱᠠᠭᠠᠷᠳᠠᠯᠭ᠎ᠠ ᠶ᠋ᠢ ᠭᠥᠢᠴᠡᠳ ᠬᠠᠩᠭᠠᠬᠤ ᠪᠤᠯᠤᠨ᠎ᠠ᠃

ᠡᠨᠡᠬᠦ ᠰᠢᠰᠲ᠋ᠧᠮ ᠤᠨ ᠪᠣᠢ ᠪᠣᠯᠣᠭᠰᠠᠨ ᠨᠢ ᠣᠳᠣᠬᠠᠨ ᠤ ᠬᠡᠷᠡᠭᠯᠡᠵᠦ ᠪᠠᠶᠢᠭ᠎ᠠ ᠮᠤᠩᠭᠤᠯ ᠦᠰᠦᠭ ᠤᠨ ᠤᠯᠠᠨ ᠣᠯᠣᠰ ᠤᠨ ᠪᠠᠷᠢᠮᠵᠢᠶ᠎ᠠ ᠺᠤᠳ᠋ ᠲᠤ ᠢᠯᠡᠷᠡᠬᠦ ᠶᠡᠭᠡ ᠬᠡᠮᠵᠢᠶᠡᠨ ᠤ ᠢᠵᠢᠯ ᠲᠦᠷᠰᠦᠲᠦ ᠦᠰᠦᠭ ᠤᠨ ᠺᠤᠳ᠋ ᠤᠨ ᠠᠯᠳᠠᠭ᠎ᠠ ᠶ᠋ᠢ ᠵᠠᠯᠠᠷᠠᠭᠤᠯᠬᠤ ᠪᠤᠯᠤᠨ ᠳᠠᠭᠠᠪᠤᠷᠢ ᠶ᠋ᠢᠨ ᠠᠯᠳᠠᠭ᠎ᠠ ᠶ᠋ᠢ ᠵᠠᠯᠠᠷᠠᠭᠤᠯᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠮᠤᠩᠭᠤᠯ ᠦᠰᠦᠭ ᠤᠨ ᠤᠯᠠᠨ ᠣᠯᠣᠰ ᠤᠨ ᠪᠠᠷᠢᠮᠵᠢᠶ᠎ᠠ ᠺᠤᠳ᠋ ᠢ ᠣᠯᠠᠮ ᠨᠢᠭᠡ ᠠᠯᠬᠤᠮ ᠳᠥᠷᠢᠮᠵᠢᠭᠦᠯᠬᠦ ᠪᠣᠯᠣᠨ ᠵᠥᠪ ᠣᠨᠣᠪᠴᠢᠲᠠᠢ ᠬᠡᠷᠡᠭᠯᠡᠬᠦ ᠳ᠋ᠤ ᠴᠢᠬᠤᠯᠠ ᠠᠴᠢ ᠬᠤᠯᠪᠤᠭᠳᠠᠯ ᠲᠠᠢ ᠶᠤᠮ᠃ ᠤᠳᠤᠬᠠᠨ ᠳ᠋ᠤ ᠡᠨᠡᠬᠦ ᠰᠢᠰᠲ᠋ᠧᠮ ᠨᠢ 《 ᠮᠤᠩᠭᠤᠯ ᠦᠰᠦᠭ ᠤᠨ ᠠᠯᠳᠠᠭ᠎ᠠ ᠶ᠋ᠢ ᠠᠦ᠋ᠲ᠋ᠤᠮᠠᠲ ᠢᠶᠠᠷ ᠵᠠᠰᠠᠪᠤᠷᠢᠯᠠᠬᠤ ᠰᠢᠰᠲ᠋ᠧᠮ V1.0 》 ᠭᠡᠬᠦ ᠨᠡᠷ᠎ᠡ ᠪᠠᠷ ᠵᠦᠭᠡᠯᠡᠨ ᠲᠤᠨᠤᠭ ᠤᠨ ᠵᠤᠬᠢᠶᠠᠨ ᠪᠥᠲᠥᠭᠡᠬᠦ ᠡᠷᠬᠡ ᠪᠠᠨ ᠪᠦᠷᠢᠳᠬᠡᠭᠦᠯᠵᠠᠢ᠃ ᠡᠭᠦᠨ ᠡᠴᠠ ᠭᠠᠳᠠᠨ᠎ᠠ᠂ ᠳᠤᠷᠰᠢᠯᠳᠠ ᠶ᠋ᠢᠨ ᠳᠠᠰᠤᠭ ᠨᠢ ᠢᠨᠲ᠋ᠧᠷᠨᠧᠲ ᠡᠭᠦᠯᠡᠨ ᠪᠤᠳᠤᠯᠲᠠ ᠶ᠋ᠢᠨ ᠲᠠᠪᠴᠠᠩ ᠳ᠋ᠤ ᠳᠡᠭᠡᠷᠡᠬᠢ ᠰᠢᠰᠲ᠋ᠧᠮ ᠤᠨ web ᠦᠢᠯᠡᠴᠢᠯᠡᠭᠡ ᠬᠠᠩᠭᠠᠵᠦ᠂ ᠮᠤᠩᠭᠤᠯ ᠵᠦᠭᠡᠯᠡᠨ ᠲᠤᠨᠤᠭ ᠰᠤᠳᠤᠯᠤᠨ ᠨᠡᠭᠡᠭᠡᠭᠴᠢᠳ ᠤᠨ ᠠᠳᠠᠯᠢ ᠪᠤᠰᠤ ᠭᠡᠷᠡᠭᠯᠡᠭᠡᠨ ᠤ ᠰᠢᠰᠲ᠋ᠧᠮ ᠳᠤᠳᠤᠷ᠎ᠠ ᠵᠤᠬᠢᠴᠠᠭᠤᠯᠤᠨ ᠠᠰᠢᠭᠯᠠᠬᠤ ᠪᠤᠯᠤᠮᠵᠢ ᠶ᠋ᠢ ᠬᠠᠩᠭᠠᠭᠰᠠᠨ ᠪᠠᠶᠢᠨ᠎ᠠ᠃ 《 ᠦᠰᠦᠭ ᠤᠨ ᠺᠤᠳ᠋ ᠤᠨ ᠪᠤᠷᠤᠭᠤ ᠶ᠋ᠢ ᠵᠠᠰᠠᠬᠤ ᠦᠭᠡᠢ ᠪᠤᠯ ᠺᠤᠮᠫᠢᠦ᠋ᠲ᠋ᠧᠷ ᠢᠶᠠᠷ ᠪᠦᠷᠢᠳᠭᠡᠬᠦ ᠪᠤᠶᠤ ᠬᠠᠶᠢᠬᠤ ᠳ᠋ᠤ ᠵᠦᠪ ᠦᠰᠦᠭ ᠢ ᠨᠢ ᠤᠯᠵᠤ ᠲᠠᠢᠯᠬᠦ ᠦᠭᠡᠢ ᠪᠠᠢᠵᠤ᠂ ᠦᠰᠦᠭ ᠤᠨ ᠺᠤᠳ᠋ ᠤᠨ ᠪᠤᠷᠤᠭᠤ ᠶ᠋ᠢ ᠵᠠᠰᠠᠬᠤ ᠴᠢᠳᠠᠮᠵᠢ ᠪᠤᠯ 《 ᠤᠶᠤᠨ 》 ᠮᠣᠩᠭᠤᠯ ᠦᠰᠦᠭ ᠤᠨ ᠬᠠᠷᠭᠤᠭᠤᠯᠤᠨ ᠵᠠᠯᠠᠷᠠᠭᠤᠯᠬᠤ ᠰᠢᠰᠲ᠋ᠧᠮ ᠤᠨ ᠬᠠᠮᠤᠭ ᠤᠨ ᠳᠣᠪᠤᠶᠢᠮ᠎ᠠ ᠤᠨᠴᠠᠯᠢᠭ ᠮᠦᠨ᠃ ᠲᠤᠰ ᠰᠢᠰᠲ᠋ᠧᠮ ᠬᠠᠷᠢᠴᠠᠩᠭᠤᠢ ᠪᠠᠷ ᠨᠡᠯᠢᠶᠡᠳ ᠪᠤᠯᠪᠠᠰᠤᠷᠠᠩᠭᠤᠢ ᠪᠤᠯᠴᠢᠬᠠᠭᠰᠠᠨ ᠶᠤᠮ》 ᠬᠡᠵᠤ ᠹᠸᠢ ᠯᠦᠩ ᠫᠷᠤᠹᠧᠰᠰᠤᠷ ᠰᠤᠷᠪᠤᠯᠵᠢᠯᠠᠭᠴᠢ ᠳ᠋ᠤ ᠲᠠᠨᠢᠯᠴᠠᠭᠤᠯᠤᠨ᠎ᠠ᠃

ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ