ᠵᠠᠯᠠᠭᠤ ᠤᠷᠲᠤ ᠶᠢᠨ ᠳᠠᠭᠤᠴᠢᠨ ᠨᠠᠶᠢᠷᠠᠮᠳᠠᠯ

ᠤᠩᠰᠢᠭᠰᠠᠨ ᠤᠳᠠᠭ᠎ᠠ ᠄ 676    ᠨᠡᠶᠢᠳᠡᠯᠡᠭᠰᠡᠨ ᠴᠠᠭ ᠄ 2016-10-17

ᠨᠠᠶᠢᠷᠠᠮᠳᠠᠯ᠂ ᠰᠢᠯᠢ ᠶ᠋ᠢᠨ ᠭᠣᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠬᠦᠷᠢᠶᠡᠲᠦᠨᠠᠭᠤᠷ ᠰᠣᠮᠣᠨ ᠤ ᠠᠯᠲᠠᠠᠠᠮᠡᠭᠡᠯ ᠭᠠᠴᠠᠭ᠎ᠠ ᠪᠠᠷ ᠨᠤᠲᠤᠭ ᠲᠠᠢ ᠵᠠᠯᠠᠭᠤ ᠤᠷᠲᠤ ᠶ᠋ᠢᠨ ᠳᠠᠭᠤᠴᠢᠨ᠂ ᠴᠣᠭᠣᠷ ᠳᠠᠭᠤᠤ ᠶ᠋ᠢᠨ ᠳᠦᠷᠪᠡᠳᠦᠭᠡᠷ ᠦᠶ᠎ᠡ ᠶ᠋ᠢᠨ ᠵᠠᠯᠭᠠᠮᠵᠢᠯᠠᠭᠴᠢ᠂ ᠦᠪᠦᠷ ᠮᠣᠩᠭᠣᠯ ᠤᠨ ᠦᠨᠳᠦᠰᠦᠲᠡᠨ ‍ᠤ ᠳᠠᠭᠤᠤ ᠪᠦᠵᠢᠭ ᠵᠦᠴᠦᠭᠡ ᠶ᠋ᠢᠨ ᠬᠦᠷᠢᠶᠡᠯᠡᠩ ‍ᠤᠨ ᠭᠣᠴᠣᠯᠠᠯ ᠳᠠᠭᠤᠴᠢᠨ᠃ 2005 ᠣᠨ ᠤ 2 ᠰᠠᠷ᠎ᠠ ᠳ᠋ᠤ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ‍ᠤ《 ᠬᠦᠰᠡᠯ ᠦᠨ ᠣᠳᠣ 》ᠨᠡᠷᠡᠮᠵᠢᠲᠦ ᠲᠧᠯᠸᠢᠰ ᠱᠠᠩᠨᠠᠯᠲᠤ ᠤᠷᠤᠯᠳᠤᠭᠠᠨ ‍ᠤ ᠥᠪᠥᠷ ᠮᠣᠩᠭᠣᠯ ‍ᠤᠨ ᠬᠤᠪᠢᠶᠠᠷᠢ ᠲᠠᠯᠠᠪᠠᠢ ᠤᠷᠤᠯᠳᠤᠭᠠᠨ ᠳᠤ ᠦᠨᠳᠦᠰᠦᠲᠡᠨ ‍ᠤ ᠳᠠᠭᠤᠯᠠᠯᠭ᠎ᠠ ᠶ᠋ᠢᠨ ᠨᠢᠭᠡᠳᠦᠭᠡᠷ ᠳᠡᠰ ᠦᠨ ᠱᠠᠩᠨᠠᠯ ‍ᠢ ᠬᠦᠷᠲᠡᠪᠡ᠃ ᠲᠤᠰ ᠵᠢᠯ ᠦᠨ 7 ᠰᠠᠷ᠎ᠠ ᠳ᠋ᠤ ᠠᠩᠬᠠᠳᠠᠭᠴᠢ ᠤᠳᠠᠭᠠᠨ ‍ᠤ《 ᠵᠠᠭᠤᠨᠨᠠᠰᠤᠲᠤ ᠬᠤᠨᠳᠠᠭᠠᠲᠤ 》ᠤᠷᠲᠤ ᠶ᠋ᠢᠨ ᠳᠠᠭᠤᠤ ᠶ᠋ᠢᠨ ᠤᠷᠤᠯᠳᠤᠭᠠᠨ ᠳ᠋ᠤ ᠰᠢᠯᠢᠳᠡᠭ ᠳᠡᠰ ᠦᠨ ᠱᠠᠩᠨᠠᠯ ᠬᠦᠷᠲᠡᠭᠰᠡᠨ ᠢᠶ᠋ᠡᠷ ᠪᠠᠷᠠᠬᠤ ᠦᠭᠡᠢ ᠲᠥᠪ ᠲᠧᠯᠸᠢᠰ ‍ᠤᠨ ᠪᠣᠳᠠᠰ ᠤᠨ ᠪᠣᠰᠣ ᠰᠣᠶᠣᠯ ᠤᠨ ᠥᠪ ‍ᠤᠨ ᠳᠤᠷᠠᠰᠬᠠᠯ ᠤᠨ ᠡᠳᠦᠷ ‍ᠤᠨ ᠨᠢᠭᠡ ᠵᠢᠯ ᠦᠨ ᠣᠢ ᠶ᠋ᠢᠨ ᠦᠳᠡᠰᠢᠯᠡᠭᠡ ᠵᠡᠷᠭᠡ ᠬᠦᠳᠡᠯᠭᠡᠭᠡᠨ ᠳ᠋ᠦ ᠣᠷᠣᠯᠴᠠᠭᠰᠠᠨ ᠪᠠᠶᠢᠨ᠎ᠠ᠃



ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ