ᠳᠥᠷᠪᠡᠨ ᠤᠲᠠᠰᠤᠲᠤ ᠬᠤᠭᠤᠷᠴᠢᠨ ᠪᠠᠶᠠᠨᠪᠤᠯᠠᠭ

ᠤᠩᠰᠢᠭᠰᠠᠨ ᠤᠳᠠᠭ᠎ᠠ ᠄ 851    ᠨᠡᠶᠢᠳᠡᠯᠡᠭᠰᠡᠨ ᠴᠠᠭ ᠄ 2016-12-15

ᠪᠠᠶᠠᠨᠪᠤᠯᠠᠭ᠂ ᠤᠤᠯ ‍ᠤᠨ ᠵᠢᠷᠢᠮ ᠠᠶᠢᠮᠠᠭ ‍ᠤᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ‍ᠤ ᠬᠥᠮᠥᠨ᠂ ᠠᠯᠳᠠᠷᠲᠤ ᠳᠥᠷᠪᠡᠨ ᠤᠲᠠᠰᠤᠲᠤ ᠬᠣᠭᠣᠷᠴᠢᠨ ᠰᠦᠨ ᠯᠢᠶᠠᠩ ‍ᠤᠨ ᠭᠠᠷ ‍ᠤᠨ ᠱᠠᠪᠢ᠂ ᠪᠣᠳᠠᠰ ‍ᠤᠨ ᠪᠣᠰᠣ ᠰᠣᠶᠣᠯ ‍ᠤᠨ ᠥᠪ ᠢᠶᠠᠷ ᠳᠠᠩᠰᠠᠯᠠᠭᠳᠠᠭᠰᠠᠨ ᠳᠥᠷᠪᠡᠨ ᠤᠲᠠᠰᠤᠲᠤ ᠬᠣᠭᠣᠷ ‍ᠤᠨ ᠨᠢᠭᠡᠳᠦᠭᠡᠷ ᠦᠶ᠎ᠡ ᠶ᠋ᠢᠨ ᠤᠯᠠᠮᠵᠢᠯᠠᠭᠴᠢ᠂ ᠥᠪᠥᠷ ᠮᠣᠩᠭᠣᠯ ‍ᠤᠨ ᠷᠠᠳᠢᠣ᠋ ᠲᠸᠯᠸᠢᠰ ᠤᠷᠠᠯᠢᠭ ‍ᠤᠨ ᠪᠦᠯᠬᠦᠮ ‍ᠤᠨ ᠬᠣᠭᠣᠷᠴᠢᠨ᠂ ᠤᠯᠤᠰ ‍ᠤᠨ ᠨᠢᠭᠡᠳᠦᠭᠡᠷ ᠳᠡᠰ ‍ᠤᠨ ᠲᠣᠭᠯᠠᠭᠴᠢ᠃ ᠣᠳᠣ ᠥᠪᠥᠷ ᠮᠣᠩᠭᠣᠯ ‍ᠤᠨ ᠳᠥᠷᠪᠡᠨ ᠤᠲᠠᠰᠤᠲᠤ ᠬᠤᠭᠤᠷ ‍ᠤᠨ ᠨᠡᠶᠢᠭᠡᠮᠯᠢᠭ ‍ᠤᠨ ᠲᠡᠷᠢᠭᠦᠯᠡᠭᠴᠢ᠂ ᠥᠪᠥᠷ ᠮᠣᠩᠭᠣᠯ ‍ᠤᠨ ᠣᠯᠠᠨ ᠤᠯᠤᠰ ‍ᠤᠨ ᠰᠣᠶᠣᠯ ‍ᠤᠨ ᠰᠣᠯᠢᠯᠴᠠᠭᠠᠨ ‍ᠤ ᠲᠥᠪ ‍ᠤᠨ ᠬᠡᠷᠡᠭ ᠡᠷᠬᠢᠯᠡᠭᠴᠢ᠂ ᠥᠪᠥᠷ ᠮᠣᠩᠭᠣᠯ ‍ᠤᠨ ᠳᠠᠭᠤᠤ ᠬᠥᠭᠵᠢᠮᠴᠢᠳ ‍ᠤᠨ ᠨᠡᠶᠢᠭᠡᠮᠯᠢᠭ ‍ᠤᠨ ᠬᠡᠷᠡᠭ ᠡᠷᠬᠢᠯᠡᠭᠴᠢ᠂ ᠥᠪᠥᠷ ᠮᠣᠩᠭᠣᠯ ‍ᠤᠨ ᠳᠠᠭᠤᠤᠷᠢᠯᠢᠭ ᠤᠨ ᠨᠡᠶᠢᠭᠡᠮᠯᠢᠭ ‍ᠤᠨ ᠬᠡᠷᠡᠭ ᠡᠷᠬᠢᠯᠡᠭᠴᠢ᠂ ᠥᠪᠥᠷ ᠮᠣᠩᠭᠣᠯ ‍ᠤᠨ ᠠᠷᠠᠳ ‍ᠤᠨ ᠰᠣᠶᠣᠯ ᠤᠷᠠᠯᠢᠭ ‍ᠤᠨ ᠨᠡᠶᠢᠭᠡᠮᠯᠢᠭ ‍ᠤᠨ ᠬᠡᠷᠡᠭ ᠡᠷᠬᠢᠯᠡᠭᠴᠢ᠃

1975 ᠣᠨ ᠳ᠋ᠤ ᠥᠪᠥᠷ ᠮᠣᠩᠭᠣᠯ ‍ᠤᠨ ᠷᠠᠳᠢᠣ᠋ ᠲᠸᠯᠸᠢᠰ ᠤᠷᠠᠯᠢᠭ ‍ᠤᠨ ᠪᠦᠯᠬᠦᠮ ᠳ᠋ᠤ ᠰᠢᠯᠭᠠᠭᠤᠯᠤᠨ ᠣᠷᠣᠵᠣ᠂ ᠲᠤᠰᠬᠠᠢ ᠬᠣᠭᠣᠷᠴᠢᠨ ᠪᠣᠯᠪᠠ᠃

2005 ᠣᠨ ᠳ᠋ᠤ ᠥᠪᠥᠷ ᠮᠣᠩᠭᠣᠯ ‍ᠤᠨ ᠳᠥᠷᠪᠡᠨ ᠤᠲᠠᠰᠤᠲᠤ ᠬᠤᠭᠤᠷ ‍ᠤᠨ ᠨᠡᠶᠢᠭᠡᠮᠯᠢᠭ ‍ᠢ ᠡᠭᠦᠰᠬᠡᠨ ᠪᠠᠶᠢᠭᠤᠯᠵᠤ᠂ ᠨᠡᠶᠢᠭᠡᠮᠯᠢᠭ ‍ᠤᠨ ᠲᠡᠷᠢᠭᠦᠯᠡᠭᠴᠢ ᠪᠣᠯᠪᠠ᠃ ᠲᠡᠭᠦᠨ ᠡᠴᠠ ᠬᠣᠶᠢᠰᠢ ᠵᠠᠯᠭ᠎ᠠ ᠵᠠᠯᠭᠠᠪᠠᠷ ᠡᠯ᠎ᠡ ᠠᠶᠢᠮᠠᠭ ᠬᠣᠲᠠ ᠳ᠋ᠤ ᠳᠦᠷᠪᠡᠨ ᠤᠲᠠᠰᠤᠲᠤ ᠬᠤᠭᠤᠷ ‍ᠤᠨ ᠨᠡᠶᠢᠭᠡᠮᠯᠢᠭ ‍ᠢ ᠪᠠᠶᠢᠭᠤᠯᠵᠤ᠂ ᠮᠣᠩᠭᠣᠯ ᠦᠨᠳᠦᠰᠦᠲᠡᠨ ‍ᠤ ᠳᠥᠷᠪᠡᠨ ᠤᠲᠠᠰᠤᠲᠤ ᠬᠣᠭᠣᠷ ‍ᠤᠨ ᠤᠯᠠᠮᠵᠢᠯᠠᠯ᠂ ᠬᠥᠭᠵᠢᠭᠦᠯᠦᠯᠲᠡ ᠳ᠋ᠤ ᠶᠡᠬᠡᠬᠡᠨ ᠬᠤᠪᠢ ᠨᠡᠮᠡᠷᠢ ᠪᠠᠨ ᠦᠵᠡᠭᠦᠯᠵᠦ ᠪᠢᠯᠡ᠃

2006 ᠣᠨ ‍ᠤ 2 ᠰᠠᠷ᠎ᠠ ᠳ᠋ᠤ ᠨᠡᠶᠢᠭᠡᠮᠯᠢᠭ ‍ᠤᠨ ᠭᠡᠰᠢᠭᠦᠳ ᠲᠠᠢ ᠪᠠᠨ ᠬᠠᠮᠲᠤ ᠥᠪᠥᠷ ᠮᠣᠩᠭᠣᠯ ‍ᠤᠨ ᠮᠣᠩᠭᠣᠯ ᠣᠳᠣᠨ ᠲᠸᠯᠸᠢᠰ ‍ᠤᠨ ᠴᠠᠭᠠᠨ ᠰᠠᠷ᠎ᠠ ᠶ᠋ᠢᠨ ᠤᠷᠠᠨ ᠰᠠᠶᠢᠬᠠᠨ ‍ᠤ ᠦᠳᠡᠰᠢᠯᠡᠭᠡ ᠳ᠋ᠤ ᠣᠷᠣᠯᠴᠠᠭᠰᠠᠨ ᠪᠥᠭᠡᠳ ᠮᠥᠨ ᠵᠢᠯ ‍ᠤᠨ 5 ᠰᠠᠷ᠎ᠠ ᠳ᠋ᠤ ᠨᠡᠶᠢᠭᠡᠮᠯᠢᠭ ‍ᠤᠨ ᠭᠡᠰᠢᠭᠦᠳ ᠢᠶᠡᠨ ᠳᠠᠭᠠᠭᠤᠯᠤᠨ ᠪᠡᠭᠡᠵᠢᠩ ‍ᠤᠨ ᠣᠯᠠᠨ ᠤᠯᠤᠰ ‍ᠤᠨ ᠳᠠᠭᠤᠤ ᠬᠥᠭᠵᠢᠮ ‍ᠤᠨ ᠨᠠᠶᠢᠷ ᠲᠤ ᠣᠷᠣᠯᠴᠠᠨ᠂ ᠲᠤᠰᠬᠠᠢ ᠲᠣᠭᠯᠠᠯᠠᠲᠠ ᠭᠠᠷᠭᠠᠪᠠ᠃

2006 ᠣᠨ ‍ᠤ 10 ᠰᠠᠷ᠎ᠠ ᠳ᠋ᠤ ᠨᠠᠢᠮᠠᠨ ᠮᠤᠵᠢ ᠣᠷᠣᠨ ‍ᠤ《 ᠳᠥᠷᠪᠡᠨ ᠤᠲᠠᠰᠤᠲᠤ ᠬᠣᠭᠣᠷ ‍ᠤᠨ ᠷᠠᠳᠢᠣ᠋ ᠲᠸᠯᠸᠢᠰ ᠱᠠᠩᠨᠠᠯᠲᠤ ᠤᠷᠤᠯᠳᠤᠭᠠᠨ 》 ‍ᠢ ᠡᠷᠬᠢᠯᠡᠨ ᠶᠠᠪᠤᠭᠳᠠᠭᠤᠯᠪᠠ᠃

2007 ᠣᠨ ᠳ᠋ᠤ ᠸᠢᠶᠸᠨᠠ ᠶ᠋ᠢᠨ ᠠᠯᠲᠠᠨ ᠣᠷᠳᠣᠨ᠎ᠠ ᠬᠦᠷᠴᠦ ᠳᠤᠮᠳᠠᠳᠤ ᠤᠯᠤᠰ ‍ᠤᠨ ᠰᠢᠨ᠎ᠡ ᠵᠢᠯ ᠢᠶᠡᠨ ᠤᠭᠲᠤᠬᠤ ᠳᠠᠭᠤᠤ ᠬᠥᠭᠵᠢᠮ ‍ᠤᠨ ᠦᠳᠡᠰᠢᠯᠡᠭᠡ ᠳ᠋ᠤ ᠣᠷᠣᠯᠴᠠᠪᠠ᠃

2008 ᠣᠨ ‍ᠤ 4 ᠰᠠᠷ᠎ᠠ ᠶ᠋ᠢᠨ 30 ᠳ᠋ᠤ ᠥᠪᠥᠷ ᠮᠣᠩᠭᠣᠯ ‍ᠤᠨ ᠲᠸᠯᠸᠢᠰ ᠬᠣᠷᠢᠶᠠᠨ ᠳ᠋ᠤ ᠬᠤᠪᠢ ᠬᠥᠮᠥᠨ ‍ᠤ ᠲᠤᠰᠬᠠᠢ ᠬᠥᠭᠵᠢᠮ ‍ᠤᠨ ᠦᠳᠡᠰᠢᠯᠡᠭᠡ ᠪᠠᠨ ᠠᠮᠵᠢᠯᠲᠠ ᠲᠠᠢ ᠬᠢᠪᠡ᠃

2010 ᠣᠨ ‍ᠤ 9 ᠰᠠᠷ᠎ᠠ ᠳ᠋ᠤ ᠥᠪᠥᠷ ᠮᠣᠩᠭᠣᠯ ‍ᠤᠨ ᠳᠥᠷᠪᠡᠨ ᠤᠲᠠᠰᠤᠲᠤ ᠬᠤᠭᠤᠷ ‍ᠤᠨ ᠨᠡᠶᠢᠭᠡᠮᠯᠢᠭ ᠪᠣᠯᠣᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ‍ᠤ ᠵᠠᠰᠠᠭ ‍ᠤᠨ ᠣᠷᠲᠣᠨ ᠬᠠᠮᠲᠤᠷᠠᠨ 1000 ᠬᠥᠮᠥᠨ ᠢᠶᠠᠷ ᠪᠥᠷᠢᠯᠳᠥᠭᠰᠡᠨ ᠳᠥᠷᠪᠡᠨ ᠤᠲᠠᠰᠤᠲᠤ ᠬᠣᠭᠣᠷ ‍ᠤᠨ ᠲᠣᠭᠯᠠᠯᠲᠠ ᠵᠣᠬᠢᠶᠠᠨ ᠪᠠᠶᠢᠭᠤᠯᠵᠤ᠂ ᠳᠡᠯᠡᠬᠡᠢ ᠶ᠋ᠢᠨ ᠬᠢᠨᠢᠰ ‍ᠤᠨ ᠲᠡᠮᠳᠡᠭᠯᠡᠯ ‍ᠢ ᠡᠭᠦᠳᠦᠭᠰᠡᠨ ᠪᠠᠶᠢᠨ᠎ᠠ ᠃

2010 — 2012 ᠣᠨ ᠳ᠋ᠤ ᠤᠷᠢᠳ ᠬᠣᠵᠢᠳ ᠬᠣᠶᠠᠷ᠂ ᠭᠤᠷᠪᠠ᠂ ᠳᠥᠷᠪᠡᠳᠦᠭᠡᠷ ᠤᠳᠠᠭᠠᠨ ‍ᠤ  ᠨᠠᠢᠮᠠᠨ ᠮᠤᠵᠢ ᠣᠷᠣᠨ ‍ᠤ《 ᠳᠥᠷᠪᠡᠨ ᠤᠲᠠᠰᠤᠲᠤ ᠬᠣᠭᠣᠷ ‍ᠤᠨ ᠷᠠᠳᠢᠣ᠋ ᠲᠸᠯᠸᠢᠰ ᠱᠠᠩᠨᠠᠯᠲᠤ ᠤᠷᠤᠯᠳᠤᠭᠠᠨ 》 ‍ᠢ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃


   
ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ