ᠴᠢᠩᠭᠢᠰ ᠤᠨ ᠰᠤᠷᠭᠠᠯ

ᠤᠩᠰᠢᠭᠰᠠᠨ ᠤᠳᠠᠭ᠎ᠠ ᠄ 769    ᠨᠡᠶᠢᠳᠡᠯᠡᠭᠰᠡᠨ ᠴᠠᠭ ᠄ 2016-12-15

1 .ᠬᠣᠣᠷᠲᠠᠨ ᠮᠠᠭᠤ ᠶ᠋ᠢ ᠰᠠᠶᠢᠲᠤᠷ ᠵᠠᠰᠠᠵᠤ᠂ ᠬᠣᠲᠠᠯᠠ ᠤᠯᠤᠰ ᠢ ᠢᠮᠠᠭᠲᠠ ᠬᠠᠮᠠᠭᠠᠯᠠᠭᠲᠤᠨ᠃      

2. ᠴᠢᠬᠢᠷᠠᠭ ᠡᠵᠡᠨ᠂ ᠴᠢᠳᠠᠪᠤᠷᠢᠲᠠᠢ ᠰᠠᠶᠢᠳ ᠪᠣᠯ ᠤᠯᠤᠰ ᠢ ᠪᠠᠶᠢᠭᠤᠯᠬᠤ ᠡᠷᠳᠡᠨᠢ᠂ ᠴᠢᠩᠭ᠎ᠠ ᠴᠢᠩᠳᠠ ᠴᠡᠷᠢᠭ᠂ ᠴᠢᠭᠡᠴᠢ ᠴᠢᠳᠠᠯ ᠲᠠᠢ ᠵᠠᠩᠵᠤᠨ ᠴᠢᠨᠠᠲᠤ ᠶ᠋ᠢ ᠳᠡᠶᠢᠯᠬᠦ ᠶ᠋ᠢᠨ ᠦᠨᠳᠦᠰᠦ᠃      

3. ᠠᠤᠭ᠎ᠠ ᠬᠦᠴᠦ ᠪᠠᠨ ᠶᠡᠬᠡᠳᠭᠡᠶ᠎ᠡ ᠭᠡᠪᠡᠯ ᠠᠷᠠᠳ ᠴᠡᠷᠢᠭ ᠢᠶ᠋ᠡᠨ ᠠᠪᠤᠷᠠ᠂ ᠠᠮᠤᠷ ᠵᠢᠮ ᠰᠠᠭᠤᠶ᠎ᠠ ᠭᠡᠪᠡᠯ ᠡᠪ ᠡᠶ᠎ᠡ ᠪᠡᠨ ᠬᠢᠴᠢᠶᠡ᠃     

4. ᠬᠠᠷᠢ ᠶ᠋ᠢᠨ ᠭᠠᠵᠠᠷ ᠠᠷᠭ᠎ᠠ ᠴᠢᠳᠠᠯ ᠢᠶᠡᠨ ᠪᠡᠬᠢᠯᠡᠵᠦ᠂ ᠬᠠᠯᠠᠭᠤᠨ ᠵᠠᠭᠤᠷ᠎ᠠ ᠪᠠᠨ ᠡᠶ᠎ᠡ ᠨᠠᠶᠢᠷ ᠢ ᠬᠢᠴᠢᠶᠡᠵᠦ ᠶᠠᠪᠤ᠋᠂ ᠡᠪ ᠨᠠᠶᠢᠷᠠᠮᠳᠠᠯ ᠡᠴᠠ ᠢᠯᠡᠭᠦᠦ ᠬᠦᠴᠦ ᠡᠨᠡ ᠳᠡᠯᠡᠬᠡᠢ ᠳ᠋ᠦ ᠦᠭᠡᠢ᠃      

5. ᠠᠯᠲᠠᠨ ᠪᠡᠶ᠎ᠡ ᠠᠮᠤᠰᠬᠢᠪᠠᠰᠤ ᠠᠬᠤᠢ ᠲᠥᠷᠦ ᠮᠢᠨᠢ ᠠᠯᠳᠠᠷᠠᠭᠤᠵᠠᠢ᠃ ᠪᠦᠲᠦᠨ ᠪᠡᠶ᠎ᠡ ᠠᠮᠤᠰᠬᠢᠪᠠᠰᠤ ᠪᠦᠷᠢᠨ ᠤᠯᠤᠰ ᠮᠢᠨᠢ ᠰᠠᠲᠠᠷᠠᠭᠤᠵᠠᠢ᠃ ᠠᠯᠲᠠᠨ ᠪᠡᠶ᠎ᠡ ᠠᠯᠵᠢᠶᠠᠪᠠᠯ ᠠᠯᠵᠢᠶᠠᠲᠤᠭᠠᠢ᠃ ᠠᠬᠤᠢ ᠲᠥᠷᠦ ᠮᠢᠨᠢ ᠪᠦᠦ ᠠᠯᠳᠠᠷᠲᠤᠭᠠᠢ᠃ ᠪᠦᠲᠦᠨ ᠪᠡᠶ᠎ᠡ ᠮᠢᠨᠢ ᠵᠣᠪᠠᠪᠠᠰᠤ ᠵᠣᠪᠠᠲᠤᠭᠠᠢ᠂ ᠪᠦᠷᠢᠨ ᠤᠯᠤᠰ ᠮᠢᠨᠢ ᠪᠦᠦ ᠰᠠᠨᠳᠤᠷᠲᠤᠭᠠᠢ᠃

ᠢᠷᠡᠯᠳᠡ᠄ ᠬᠣᠯᠪᠣᠭ᠎ᠠ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ