ᠦᠪᠦᠷ ᠮᠤᠩᠭᠤᠯ ᠤᠨ 9 ᠶᠡᠬᠡ ᠳᠡᠬᠡᠳᠤ ᠰᠤᠷᠭᠠᠭᠤᠯᠢ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠳᠤᠷᠰᠢᠯᠳᠠ ᠶ᠋ᠢᠨ ᠴᠢᠭ ᠤᠨ ᠰᠤᠷᠭᠠᠭᠤᠯᠢ ᠪᠤᠯᠪᠠ

ᠤᠩᠰᠢᠭᠰᠠᠨ ᠤᠳᠠᠭ᠎ᠠ ᠄ 791    ᠨᠡᠶᠢᠳᠡᠯᠡᠭᠰᠡᠨ ᠴᠠᠭ ᠄ 2017-02-07

ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠠ ᠤᠢᠯᠠᠭᠠᠭᠰᠠᠨ ᠢᠶᠠᠷ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠬᠦᠭᠵᠢᠬᠦᠯᠦᠯᠳᠡ ᠦᠬᠡᠷᠡᠴᠢᠯᠡᠯᠳᠡ ᠶ᠋ᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠬᠠᠮᠳᠤᠷᠠᠨ ᠮᠡᠳᠡᠭᠳᠡᠯ ᠪᠠᠭᠤᠯᠭᠠᠵᠤ᠂ ᠤᠯᠠᠭᠠᠨᠬᠠᠳᠠ ᠳᠡᠬᠡᠳᠤ ᠰᠤᠷᠭᠠᠭᠤᠯᠢ ᠵᠡᠷᠬᠡ 9 ᠵᠢᠩᠬᠢᠨᠢ ᠠᠩᠬᠢ ᠶ᠋ᠢᠨ ᠶᠡᠬᠡ ᠳᠡᠬᠡᠳᠤ ᠰᠤᠷᠭᠠᠭᠤᠯᠢ ᠶ᠋ᠢ ᠪᠦᠬᠦ ᠤᠷᠤᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ  ᠳᠤᠷᠰᠢᠯᠳᠠ ᠶ᠋ᠢᠨ  ᠴᠢᠭ ᠤᠨ ᠰᠤᠷᠭᠠᠭᠤᠯᠢ ᠪᠠᠷ ᠳᠤᠭᠳᠠᠭᠠᠵᠤ᠂ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ᠂ ᠬᠦᠭᠵᠢᠬᠦᠯᠦᠯᠳᠡ ᠦᠬᠡᠷᠡᠴᠢᠯᠡᠯᠳᠡ ᠶ᠋ᠢᠨ ᠵᠦᠪᠯᠡᠯ ᠵᠡᠷᠬᠡ ᠰᠠᠯᠠᠭ᠎ᠠ ᠮᠦᠴᠢᠷ ᠤᠨ ᠬᠢᠨ ᠢᠳᠡᠪᠬᠢᠳᠡᠢ ᠳᠤᠰᠬᠠᠢ ᠪᠡᠯᠡ ᠮᠦᠩᠬᠦ ᠭᠤᠶᠤᠴᠢᠯᠠᠵᠤ᠂ ᠳᠤᠷᠰᠢᠯᠳᠠ ᠶ᠋ᠢᠨ ᠴᠢᠭ ᠤᠨ ᠰᠤᠷᠭᠠᠭᠤᠯᠢ ᠶ᠋ᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶ᠋ᠢ ᠳᠡᠮᠵᠢᠬᠦ ᠪᠠᠷ ᠪᠠᠶᠢᠨ᠎ᠠ᠃

ᠬᠡᠰᠡᠭ ᠶᠡᠬᠡ ᠳᠡᠬᠡᠳᠤ ᠰᠤᠷᠭᠠᠭᠤᠯᠢ ᠶ᠋ᠢ ᠬᠡᠷᠡᠭᠯᠡᠬᠡᠨ ᠤ ᠴᠢᠨᠠᠷᠳᠠᠢ ᠬᠤᠪᠢᠷᠠᠭᠤᠯᠬᠤ ᠪᠤᠯ ᠲᠦᠷᠦ ᠶ᠋ᠢᠨ  ᠶᠠᠪᠤᠳᠠᠯ ᠤᠨ ᠬᠤᠷᠢᠶ᠎ᠠ ᠶ᠋ᠢᠨ ᠭᠠᠷᠭᠠᠭᠰᠠᠨ ᠴᠢᠬᠤᠯᠠ ᠰᠢᠢᠳᠪᠦᠷᠢᠳᠤ ᠪᠤᠳᠤᠯᠭ᠎ᠠ ᠶ᠋ᠢᠨ ᠪᠠᠶᠢᠷᠢᠯᠠᠭᠤᠯᠤᠯᠲᠠ ᠪᠤᠯᠤᠨ᠎ᠠ᠃ ᠮᠦᠨᠴᠤ ᠮᠠᠨ ᠤ ᠤᠷᠤᠨ ᠤ ᠳᠡᠬᠡᠳᠤ ᠵᠡᠷᠬᠡ ᠶ᠋ᠢᠨ ᠰᠤᠷᠭᠠᠨ ᠬᠦᠮᠦᠵᠢᠯ ᠤᠨ ᠪᠦᠳᠦᠴᠡ ᠶ᠋ᠢᠨ  ᠴᠢᠨᠠᠷᠳᠠᠢ ᠬᠤᠪᠢᠷᠠᠭᠤᠯᠤᠯᠳᠠ ᠶ᠋ᠢ ᠠᠬᠢᠭᠤᠯᠬᠤ᠂ ᠬᠡᠷᠡᠭᠯᠡᠬᠡᠨ ᠤ ᠴᠢᠨᠠᠷᠳᠠᠢ ᠴᠢᠳᠠᠪᠤᠷᠢᠳᠠᠨ ᠬᠦᠮᠦᠵᠢᠬᠦᠯᠬᠦ ᠶ᠋ᠢ  ᠲᠦᠷᠬᠡᠳᠬᠡᠬᠦ᠂ ᠶᠡᠬᠡ  ᠳᠡᠬᠡᠳᠤ ᠰᠤᠷᠭᠠᠭᠤᠯᠢ ᠶ᠋ᠢᠨ ᠤᠨᠴᠠᠯᠢᠭᠳᠤ ᠬᠦᠭᠵᠢᠯᠳᠡ ᠶ᠋ᠢ ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ 2016 ᠤᠨ ᠳ᠋ᠤ ᠰᠤᠷᠭᠠᠭᠤᠯᠢ ᠡᠴᠠ ᠡᠷᠡᠮᠡᠯᠵᠡᠨ ᠮᠡᠳᠡᠬᠦᠯᠬᠦ᠂ ᠳᠤᠰᠬᠠᠢ ᠮᠡᠷᠬᠡᠵᠢᠯᠳᠡᠨ ᠦᠨᠡᠯᠡᠬᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠠᠷ᠂  ᠤᠯᠠᠭᠠᠨᠬᠠᠳᠠ ᠳᠡᠬᠡᠳᠤ ᠰᠤᠷᠭᠠᠭᠤᠯᠢ᠂ ᠬᠦᠯᠦᠨ ᠪᠤᠢᠷ ᠳᠡᠬᠡᠳᠤ ᠰᠤᠷᠭᠠᠭᠤᠯᠢ᠂ ᠪᠤᠷᠤᠳᠤᠬᠤᠢ ᠳᠡᠬᠡᠳᠤ  ᠰᠤᠷᠭᠠᠭᠤᠯᠢ᠂ ᠵᠢᠨᠢᠩ ᠤᠨ ᠪᠠᠭᠰᠢ ᠶ᠋ᠢᠨ ᠳᠡᠬᠡᠳᠤ ᠰᠤᠷᠭᠠᠭᠤᠯᠢ᠂ ᠦᠪᠦᠷ  ᠮᠤᠩᠭᠤᠯ ᠤᠨ ᠪᠠᠭᠰᠢ ᠶ᠋ᠢᠨ ᠶᠡᠬᠡ  ᠰᠤᠷᠭᠠᠭᠤᠯᠢ ᠶ᠋ᠢᠨ ᠬᠤᠩ ᠳ᠋ᠧ ᠳᠡᠬᠡᠳᠤ ᠰᠤᠷᠭᠠᠭᠤᠯᠢ ᠵᠡᠷᠬᠡ 5 ᠰᠤᠷᠭᠠᠭᠤᠯᠢ ᠶ᠋ᠢ ᠪᠦᠬᠦᠯᠢ ᠴᠤᠭᠴᠠ ᠪᠠᠷ ᠨᠢ ᠬᠤᠪᠢᠷᠠᠭᠤᠯᠬᠤ ᠳᠤᠷᠰᠢᠯᠳᠠ ᠶ᠋ᠢᠨ ᠴᠢᠭ ᠪᠤᠯᠭᠠᠵᠤ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠬᠡᠵᠢᠯ ᠤᠨ ᠶᠡᠬᠡ ᠰᠤᠷᠭᠠᠭᠤᠯᠢ᠂ ᠦᠪᠦᠷ ᠮᠤᠩᠭᠤᠯ ᠤᠨ ᠳᠠᠷᠢᠶᠠᠯᠠᠩ ᠤᠨ ᠶᠡᠬᠡ ᠰᠤᠷᠭᠠᠭᠤᠯᠢ᠂ ᠪᠤᠭᠤᠳᠤ ᠶ᠋ᠢᠨ ᠡᠮᠨᠡᠯᠬᠡ ᠶ᠋ᠢᠨ ᠳᠡᠬᠡᠳᠤ ᠰᠤᠷᠭᠠᠭᠤᠯᠢ ᠵᠡᠷᠬᠡ 4 ᠰᠤᠷᠭᠠᠭᠤᠯᠢ ᠶ᠋ᠢᠨ ᠬᠡᠰᠡᠭ ᠳᠤᠰᠬᠠᠢ ᠮᠡᠷᠬᠡᠵᠢᠯ ᠢ ᠬᠡᠯᠪᠡᠷᠢ ᠪᠠᠨ ᠬᠤᠪᠢᠷᠠᠭᠤᠯᠬᠤ ᠳᠤᠷᠰᠢᠯᠳᠠ ᠶ᠋ᠢᠨ ᠴᠢᠭ ᠪᠤᠯᠭᠠᠪᠠ᠃


ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄