ᠬᠤᠸᠠᠳᠧ ᠰᠢᠶᠠᠨ ᠤ ᠨᠢᠬᠡᠨ ᠪᠠᠭᠤᠷᠢ 2016 ᠤᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠬᠦᠯᠦᠯᠳᠡ ᠳ᠋ᠤ ᠤᠷᠤᠪᠠ

ᠤᠩᠰᠢᠭᠰᠠᠨ ᠤᠳᠠᠭ᠎ᠠ ᠄ 619    ᠨᠡᠶᠢᠳᠡᠯᠡᠭᠰᠡᠨ ᠴᠠᠭ ᠄ 2017-02-07

ᠲᠦᠷᠦᠬᠦᠬᠡᠨ᠂ ᠳᠤᠮᠳᠠᠳᠤ ᠤᠯᠤᠰ ᠤᠨ ᠨᠡᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠤᠤᠯᠯᠠᠨ ᠡᠷᠬᠢᠯᠡᠭᠰᠡᠨ 《 2016 ᠤᠨ ᠤ ᠳᠤᠮᠳᠠᠳᠤ ᠤᠯᠤᠰ ᠤᠨ ᠰᠢᠨ᠎ᠡ ᠢᠯᠡᠷᠡᠬᠦᠯᠦᠯᠳᠡ 》 ᠶ᠋ᠢ ᠰᠤᠩᠭᠤᠨ ᠰᠢᠯᠭᠠᠷᠠᠭᠤᠯᠬᠤ ᠠᠵᠢᠯᠯᠠᠭ᠎ᠠ ᠶᠠᠪᠤᠭᠳᠠᠪᠠ᠃ ᠮᠠᠨ ᠤ ᠤᠷᠤᠨ ᠤ ᠬᠤᠸᠠᠳᠧ ᠰᠢᠶᠠᠨ ᠤ ᠢᠤᠢ ᠮᠢᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶ᠋ᠢᠨ ᠪᠠᠭᠤᠷᠢ 2016 ᠤᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠬᠦᠯᠦᠯᠳᠡ ᠳ᠋ᠤ ᠤᠷᠤᠪᠠ᠃

ᠣᠶᠢᠯᠠᠭᠠᠭᠰᠠᠨ ᠢᠶᠠᠷ᠂ ᠬᠤᠸᠠᠳᠧ ᠰᠢᠶᠠᠨ ᠤ ᠢᠤᠢ ᠮᠢᠨ ᠤ ᠰᠢᠨ᠎ᠠ ᠴᠢᠯᠠᠭᠤᠨ ᠵᠡᠪᠰᠡᠭ ᠤᠨ ᠦᠶ᠎ᠡ ᠶ᠋ᠢᠨ ᠪᠠᠭᠤᠷᠢ ᠨᠢ ᠬᠤᠸᠠᠳᠧ ᠰᠢᠶᠠᠨ ᠤ ᠳᠠᠪᠠᠭᠠᠳᠤ ᠰᠢᠶᠠᠩ ᠤᠨ ᠢᠤᠢ ᠮᠢᠨ ᠳᠤᠰᠬᠤᠨ ᠤ ᠬᠠᠪᠢ ᠪᠠᠷ ᠪᠠᠶᠢᠷᠢᠯᠠᠵᠤ ᠪᠠᠶᠢᠭ᠎ᠠ ᠨᠢᠬᠡᠨ ᠪᠠᠭ᠎ᠠ ᠬᠡᠯᠪᠡᠷᠢ ᠶ᠋ᠢᠨ ᠳᠤᠰᠬᠤᠨ ᠤ ᠪᠠᠭᠤᠷᠢ ᠪᠤᠯᠤᠨ᠎ᠠ᠂ 8400 ᠵᠢᠯ ᠤᠨ ᠳᠡᠦᠬᠡ ᠲᠠᠢ᠂ ᠤᠳᠤᠬᠠᠨ ᠪᠤᠯᠳᠠᠯ᠎ᠠ ᠦᠪᠡᠷᠳᠡᠬᠡᠨ ᠵᠠᠰᠠᠬᠤ ᠤᠷᠤᠨ ᠤ ᠳᠤᠮᠳᠠ ᠡᠮᠦᠨ᠎ᠡ ᠬᠡᠰᠡᠭ ᠡᠴᠠ ᠢᠯᠡᠷᠡᠬᠦᠯᠦᠭᠰᠡᠨ ᠬᠠᠮᠤᠭ ᠤᠨ ᠡᠷᠳᠡᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶ᠋ᠢᠨ  ᠪᠠᠭᠤᠷᠢ ᠪᠤᠯᠤᠨ᠎ᠠ᠃ ᠳᠤᠰ ᠪᠠᠭᠤᠷᠢ ᠶ᠋ᠢᠨ ᠮᠠᠯᠳᠠᠭᠰᠠᠨ ᠳᠠᠯᠠᠪᠠᠢ ᠨᠢ 3700 ᠳᠡᠭᠰᠢ ᠲᠦᠷᠪᠡᠯᠵᠢᠨ ᠮᠧᠲ᠋ᠷ  ᠪᠤᠯᠤᠨ᠎ᠠ᠃ ᠪᠠᠭᠤᠷᠢ ᠡᠴᠠ ᠴᠢᠯᠠᠭᠤᠨ ᠵᠡᠪᠰᠡᠭ ᠤᠨ ᠬᠡᠮᠬᠡᠷᠬᠡᠢ ᠶ᠋ᠢ ᠤᠯᠠᠨ ᠢᠯᠡᠷᠡᠬᠦᠯᠵᠦ᠂ ᠴᠢᠯᠠᠭᠤᠨ ᠵᠡᠪᠰᠡᠭ ᠢ ᠦᠢᠯᠡᠳᠴᠦ ᠪᠠᠶᠢᠭᠰᠠᠨ ᠡᠴᠠ ᠨᠢ ᠳᠤᠬᠠᠢ ᠶ᠋ᠢᠨ ᠬᠦᠮᠦᠰ ᠨᠡᠶᠢᠳᠡᠮ ᠤᠨ ᠬᠡᠷᠡᠭᠯᠡᠵᠦ ᠪᠠᠶᠢᠭᠰᠠᠨ ᠦᠢᠯᠡᠳᠪᠦᠷᠢᠯᠡᠯ ᠠᠮᠢᠳᠤᠷᠠᠯ ᠤᠨ ᠡᠳ᠋ᠯᠡᠯ ᠬᠡᠷᠡᠭᠰᠡᠯ ᠪᠤᠯᠤᠨ᠎ᠠ ᠬᠡᠳᠡᠭ ᠢ ᠦᠵᠠᠵᠤ ᠭᠠᠷᠴᠤ ᠪᠤᠯᠤᠨ᠎ᠠ᠃ ᠸᠠᠭᠠᠷ ᠳᠤᠭᠤᠰᠬ᠎ᠠ ᠶ᠋ᠢᠨ  ᠬᠡᠷᠡᠭᠰᠡᠯ ᠤᠨ ᠬᠡᠯᠪᠡᠷᠢ ᠪᠦᠳᠦᠴᠡ ᠡᠴᠠ ᠨᠢ ᠦᠵᠡᠪᠡᠯ ᠪᠠᠯᠠᠷ ᠡᠷᠳᠡᠨ ᠤ ᠰᠢᠨᠵᠢ ᠲᠠᠢ᠂ ᠪᠠᠭᠤᠷᠢ ᠡᠴᠠ ᠭᠠᠷᠤᠭᠰᠠᠨ ᠶᠡᠬᠡ ᠬᠡᠮᠵᠢᠶᠡᠨ ᠤ ᠠᠷᠢᠶᠠᠳᠠᠨ ᠤ ᠶᠠᠰᠤ ᠪᠠ ᠦᠢᠯᠡᠳᠪᠦᠷᠢᠯᠡᠯ ᠠᠮᠢᠳᠤᠷᠠᠯ ᠤᠨ ᠪᠠᠭᠠᠵᠢ ᠡᠴᠠ  ᠦᠵᠡᠪᠡᠯ᠂ ᠳᠤᠰ ᠪᠠᠭᠤᠷᠢ ᠶ᠋ᠢᠨ ᠬᠦᠮᠦᠰ ᠠᠩ ᠠᠩᠨᠠᠨ ᠳᠡᠬᠦᠵᠦ ᠴᠤᠭᠯᠠᠭᠤᠯᠬᠤ ᠪᠠᠷ ᠭᠤᠤᠯ ᠠᠮᠢᠳᠤᠷᠠᠯ ᠤᠨ  ᠠᠷᠭ᠎ᠠ ᠮᠠᠶ᠋ᠢᠭ ᠢᠶᠡᠨ ᠪᠤᠯᠭᠠᠵᠤ ᠪᠠᠶᠢᠵᠠᠢ᠃

ᠢᠷᠡᠯᠳᠡ᠄ ᠠᠷᠠᠳ ᠤᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄