ᠴᠠᠭ ᠠᠭᠤᠷ ᠤᠨ ᠤᠷᠢᠳᠴᠢᠯᠠᠬᠰᠠᠨ ᠮᠡᠳᠡᠭᠡ ᠶᠢᠨ ᠤᠨᠤᠪᠴᠢ ᠶᠢᠨ ᠬᠡᠮᠵᠢᠶ᠎ᠡ 89.76% ᠲᠤ ᠬᠦᠷᠪᠡ

ᠤᠩᠰᠢᠭᠰᠠᠨ ᠤᠳᠠᠭ᠎ᠠ ᠄ 685    ᠨᠡᠶᠢᠳᠡᠯᠡᠭᠰᠡᠨ ᠴᠠᠭ ᠄ 2017-02-09

ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠡ ᠨᠢᠳᠤᠨᠤᠨ 1788 ᠲᠦᠮᠡᠨ ᠲᠦᠬᠦᠷᠢᠭ ᠤᠨ ᠪᠡᠯᠡ ᠤᠷᠤᠭᠤᠯᠤᠨ ᠴᠠᠭ ᠠᠭᠤᠷ ᠤᠨ ᠤᠷᠢᠳᠴᠢᠯᠠᠬᠰᠠᠨ ᠮᠡᠳᠡᠭᠡ ᠨᠡᠶᠢᠳᠡᠯᠡᠬᠦ ᠰᠢᠰᠲ᠋ᠧᠮ ᠤᠨ ᠪᠠᠶᠢᠭᠤᠯᠤᠯᠳᠡ ᠶᠢ ᠬᠦᠴᠦᠳᠡᠢ ᠠᠬᠢᠭᠤᠯᠵᠤ᠂ ᠴᠠᠭ ᠠᠭᠤᠷ ᠤᠨ ᠭᠠᠮᠰᠢᠭ᠂ ᠭᠤᠤᠯ ᠪᠤᠯᠬᠤ ᠲᠠᠷᠢᠮᠠᠯ ᠪᠠ ᠮᠠᠯ ᠠᠵᠤ ᠠᠬᠤᠢ ᠵᠡᠷᠬᠡ ᠳᠤ ᠬᠠᠨᠳᠤᠭᠤᠯᠤᠬᠰᠠᠨ 23 ᠴᠠᠭ ᠠᠭᠤᠷ ᠤᠨ ᠦᠢᠯᠡᠴᠢᠯᠡᠭᠡ ᠶᠢ ᠲᠦᠷᠢᠮᠵᠢᠬᠦᠯᠦᠭᠰᠡᠨ ᠴᠠᠭ ᠠᠭᠤᠷ ᠤᠨ ᠤᠷᠢᠳᠴᠢᠯᠠᠬᠰᠠᠨ ᠮᠡᠳᠡᠭᠡ ᠶᠢᠨ ᠤᠨᠤᠪᠴᠢ ᠶᠢᠨ ᠬᠡᠮᠵᠢᠶ᠎ᠡ ᠶᠡᠬᠡᠪᠡᠷ ᠲᠡᠬᠡᠭᠰᠢᠯᠡᠵᠠᠢ᠃

ᠤᠳᠤ ᠮᠠᠨ ᠤ ᠤᠷᠤᠨ ᠤ ᠴᠠᠭ ᠠᠭᠤᠷ ᠤᠨ ᠤᠷᠢᠳᠴᠢᠯᠠᠬᠰᠠᠨ ᠮᠡᠳᠡᠭᠡ ᠶᠢᠨ ᠤᠨᠤᠪᠴᠢ ᠶᠢᠨ ᠬᠡᠮᠵᠢᠶ᠎ᠡ 89.76% ᠲᠤ ᠬᠦᠷᠴᠦ᠂ ᠴᠢᠩᠭ᠎ᠠ ᠰᠤᠯᠢᠭ ᠤᠷᠤᠰᠬᠠᠯ ᠢ 35 ᠮᠢᠨᠦ᠋ᠲ ᠤᠷᠢᠳᠴᠢᠯᠠᠨ ᠰᠡᠷᠡᠮᠵᠢᠯᠡᠬᠦᠯᠵᠤ ᠴᠢᠳᠠᠬᠤ ᠪᠤᠯᠵᠡᠢ᠃ ᠤᠢᠢᠯᠠᠭᠠᠬᠰᠠᠨ ᠢᠶᠠᠷ᠂ ᠡᠨᠡ ᠵᠢᠯ ᠦᠪᠡᠷᠳᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠡ ᠴᠠᠭ ᠠᠭᠤᠷ ᠤᠨ ᠦᠢᠯᠡᠴᠢᠯᠡᠭᠡ ᠬᠠᠩᠭᠠᠬᠤ ᠴᠢᠳᠠᠪᠤᠷᠢ ᠶᠢ ᠬᠦᠴᠦᠯᠡᠨ ᠲᠡᠬᠡᠭᠰᠢᠯᠡᠬᠦᠯᠵᠤ᠂ ᠠᠭᠤᠷ ᠠᠮᠢᠰᠬᠤᠯ ᠤᠨ ᠬᠤᠪᠢᠷᠠᠯᠳᠡ ᠶᠢᠨ ᠮᠠᠯ ᠠᠵᠤ ᠲᠠᠷᠢᠶᠠᠯᠠᠩ ᠪᠤᠯᠤᠨ ᠠᠮᠢ ᠠᠬᠤᠢ ᠳᠤ ᠤᠴᠠᠷᠠᠭᠤᠯᠬᠤ ᠨᠦᠯᠦᠬᠡ ᠶᠢ ᠦᠨᠡᠯᠡᠨ ᠲᠤᠬᠳᠠᠭᠠᠬᠤ ᠦᠢᠯᠡᠴᠢᠯᠡᠭᠡ ᠶᠢ ᠤᠯᠠᠮ ᠨᠠᠷᠢᠯᠢᠭ ᠬᠢᠬᠦ ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄