ᠳᠠᠭᠤᠴᠢᠨ ᠨᠠᠷᠠᠨᠴᠡᠴᠡᠭ

ᠤᠩᠰᠢᠭᠰᠠᠨ ᠤᠳᠠᠭ᠎ᠠ ᠄ 668    ᠨᠡᠶᠢᠳᠡᠯᠡᠭᠰᠡᠨ ᠴᠠᠭ ᠄ 2017-02-13

ᠨᠠᠷᠠᠨᠴᠡᠴᠡᠭ᠂ ᠠᠯᠠᠱᠠ ᠠᠶᠢᠮᠠᠭ ‍ᠤᠨ ᠡᠵᠡᠨ᠎ᠡ ᠬᠣᠰᠢᠭᠤᠨ ᠳ᠋ᠤ ᠨᠤᠲᠤᠭ ᠲᠠᠢ᠃ ᠪᠠᠷᠠᠭᠤᠨ ᠬᠣᠶᠢᠲᠤ ᠶ᠋ᠢᠨ ᠦᠨᠳᠦᠰᠦᠲᠡᠨ ᠦ ᠶᠡᠬᠡ ᠰᠤᠷᠭᠠᠭᠤᠯᠢ ᠶ᠋ᠢᠨ ᠪᠠᠭᠰᠢ᠃ ᠭᠠᠨᠰᠤ ᠮᠤᠵᠢ ᠶ᠋ᠢᠨ ᠳᠠᠭᠤᠤ ᠬᠥᠭᠵᠢᠮᠴᠢᠳ ‍ᠦᠨ ᠨᠡᠶᠢᠭᠡᠮᠯᠢᠭ ᠦᠨ ᠭᠡᠰᠢᠭᠦᠨ᠂ ᠥᠪᠥᠷ ᠮᠣᠩᠭᠣᠯ ‍ᠤᠨ ᠤᠷᠲᠤ ᠶ᠋ᠢᠨ ᠳᠠᠭᠤᠴᠢᠳ ᠤᠨ ᠨᠡᠶᠢᠭᠡᠮᠯᠢᠭ ‍ᠦᠨ ᠭᠡᠰᠢᠭᠦᠨ᠃ 1979 ᠣᠨ ᠳ᠋ᠤ ᠡᠵᠡᠨ᠎ᠡ ᠬᠣᠰᠢᠭᠤᠨ ‍ᠤ ᠤᠯᠠᠭᠠᠨᠮᠥ᠋ᠴᠢᠷ ᠲᠤ ᠭᠣᠴᠣᠯᠠᠯ ᠳᠠᠭᠤᠴᠢᠨ ᠢᠶᠠᠷ ᠡᠯᠰᠡᠭᠳᠡᠨ᠂ ᠠᠵᠢᠯᠯᠠᠬᠤ ᠶ᠋ᠢᠨ ᠳᠠᠭᠠᠤ ᠥᠪᠥᠷ ᠮᠣᠩᠭᠣᠯ ‍ᠤᠨ ᠤᠷᠠᠯᠢᠭ  ‍ᠤᠨ ᠳᠡᠭᠡᠳᠦ ᠰᠤᠷᠭᠠᠭᠤᠯᠢ ᠳ᠋ᠤ ᠰᠤᠷᠤᠯᠴᠠᠪᠠ᠃


  1984 ᠣᠨ ᠳ᠋ᠤ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠳ᠋ᠤ ᠬᠦᠷᠴᠦ ᠲᠦᠷᠪᠡᠨ ᠵᠢᠯ ᠳᠠᠭᠤᠯᠠᠬᠤ ᠮᠡᠷᠭᠡᠵᠢᠯ ᠰᠤᠷᠤᠯᠴᠠᠨ᠂ 1988 ᠣᠨ ᠳ᠋ᠤ ᠪᠠᠷᠠᠭᠤᠨ ᠬᠣᠶᠢᠲᠤ ᠶ᠋ᠢᠨ ᠦᠨᠳᠦᠰᠦᠲᠡᠨ ᠦ ᠳᠡᠭᠡᠳᠦ ᠰᠤᠷᠭᠠᠭᠤᠯᠢ ᠳ᠋ᠤ ᠠᠵᠢᠯ ᠰᠢᠯᠵᠢᠪᠡ᠃ 1997 ᠣᠨ ᠤ 7 ᠰᠠᠷ᠎ᠠ ᠳ᠋ᠤ ᠳᠤᠮᠳᠠᠳᠤ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠤᠷᠠᠯᠢᠭ ᠤᠨ ᠪᠦᠯᠬᠦᠮ ᠲᠠᠢ ᠬᠠᠮᠲᠤ ᠬᠣᠯᠠᠨᠳ᠋᠂ ᠭᠸᠷᠮᠠᠨ᠂ ᠯᠢᠪᠢᠶ᠎ᠠ ᠵᠡᠷᠭᠡ ᠤᠯᠤᠰ ᠣᠷᠣᠨ ᠢᠶᠠᠷ ᠬᠦᠷᠴᠦ ᠲᠣᠭᠯᠠᠯᠲᠠ ᠭᠠᠷᠭᠠᠪᠠ᠃ ᠲᠡᠭᠦᠨ ᠦ ᠳᠠᠭᠤᠯᠠᠭᠰᠠᠨ ᠳᠠᠭᠤᠤ ᠨᠢ ᠭᠠᠳᠠᠭᠠᠳᠤ ᠶ᠋ᠢᠨ ᠰᠣᠨᠣᠰᠣᠭᠴᠢᠳ ᠵᠢᠴᠢ ᠤᠷᠠᠯᠢᠭᠴᠢᠳ ᠤᠨ ᠥᠨᠳᠥᠷ ᠦᠨᠡᠯᠡᠯᠲᠡ ᠶ᠋ᠢ ᠣᠯᠵᠤ᠂ ᠪᠠᠬᠠᠷᠬᠠᠬᠤ ᠳ᠋ᠤ ᠪᠠᠨ ᠰᠢᠩᠭᠡᠭᠡᠨ ᠠᠪᠴᠦ ᠬᠠᠳᠠᠭᠠᠯᠠᠭᠰᠠᠨ ᠪᠠᠶᠢᠨ᠎ᠠ᠃ ᠬᠣᠵᠢᠮ ᠨᠢ ᠤᠯᠤᠰ ᠡᠴᠠ ᠲᠡᠭᠦᠨ ᠳ᠋ᠦ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠠᠢ᠃ 1999 ᠣᠨ ‍ᠤ 6 ᠰᠠᠷ᠎ᠠ ᠳ᠋ᠤ ᠭᠠᠨᠰᠤ ᠮᠤᠵᠢ ᠶ᠋ᠢᠨ ᠤᠯᠤᠰ ᠪᠠᠶᠢᠭᠤᠯᠤᠭᠳᠠᠭᠰᠠᠨ 50 ᠵᠢᠯ ᠦᠨ ᠣᠢ ᠶ᠋ᠢ ᠪᠡᠯᠡᠭᠯᠡᠬᠦ ᠪᠦᠬᠦ ᠮᠤᠵᠢ ᠶ᠋ᠢᠨ ᠴᠥᠬᠡᠨ ᠲᠣᠭᠠᠲᠤ ᠦᠨᠳᠦᠰᠦᠲᠡᠨ ‍ᠦ ᠳᠠᠭᠤᠤ ᠶ᠋ᠢᠨ ᠤᠷᠤᠯᠳᠤᠭᠠᠨ ᠳ᠋ᠤ ᠦᠨᠳᠦᠰᠦᠲᠡᠨ ᠦ ᠳᠠᠭᠤᠯᠠᠯᠭ᠎ᠠ ᠶ᠋ᠢᠨ ᠨᠢᠭᠡᠳᠦᠭᠡᠷ ᠳᠡᠰ ᠦᠨ ᠱᠠᠩᠨᠠᠯ ᠢ ᠲᠣᠰᠴᠤ᠂ ᠨᠠᠢᠮᠠᠨ ᠮᠤᠵᠢ ᠣᠷᠣᠨ ᠤ ᠠᠩᠬᠠᠳᠠᠭᠴᠢ ᠤᠳᠠᠭᠠᠨ ᠤ ᠮᠣᠩᠭᠣᠯ ᠦᠨᠳᠦᠰᠦᠲᠡᠨ ᠦ ᠳᠠᠭᠤᠤ ᠬᠥᠭᠵᠢᠮ ᠦᠨ ᠲᠸᠯᠸᠢᠰ ᠱᠠᠩᠨᠠᠯᠲᠤ ᠤᠷᠤᠯᠳᠤᠭᠠᠨ ᠳ᠋ᠦ ᠬᠣᠶᠠᠳᠤᠭᠠᠷ ᠳᠡᠰ ᠦᠨ ᠱᠠᠩᠨᠠᠯ ᠲᠣᠰᠴᠠᠢ᠃

2006 ᠣᠨ ᠳ᠋ᠤ《 ᠰᠢᠷᠭᠠᠯᠵᠢᠨ ᠮᠢᠨᠢ 》ᠳᠠᠭᠤᠤ ᠪᠠᠷ ᠢᠶᠡᠨ ᠥᠪᠥᠷ ᠮᠣᠩᠭᠣᠯ ᠤᠨ ᠮᠣᠩᠭᠣᠯ ᠣᠳᠣᠨ ᠲᠧᠯᠸᠢᠰ ᠦᠨ ᠴᠠᠭᠠᠨ ᠰᠠᠷ᠎ᠠ ᠶ᠋ᠢᠨ ᠤᠷᠠᠨ ᠰᠠᠶᠢᠬᠠᠨ ‍ᠤ ᠦᠳᠡᠰᠢᠯᠡᠭᠡ ᠳ᠋ᠦ ᠣᠷᠣᠯᠴᠠᠪᠠ᠃

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ