ᠤᠯᠠᠭᠠᠡᠪᠠᠭᠠᠳᠤᠷ ‍ᠤᠨ ᠢᠷᠭᠡᠳ ᠨᠤᠮ ᠢᠶᠡᠨ ᠰᠤᠯᠢᠯᠴᠠᠨ᠎ᠠ

ᠤᠩᠰᠢᠭᠰᠠᠨ ᠤᠳᠠᠭ᠎ᠠ ᠄ 797    ᠨᠡᠶᠢᠳᠡᠯᠡᠭᠰᠡᠨ ᠴᠠᠭ ᠄ 2017-02-13ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠶ᠋ᠢᠨ ᠨᠡᠶᠢᠰᠯᠡᠯ ᠤᠨ ᠰᠣᠶᠣᠯ᠂ ᠤᠷᠠᠯᠢᠭ ᠤᠨ ᠭᠠᠵᠠᠷ ᠡᠴᠠ 《 ᠨᠣᠮ ᠢᠶᠡᠨ ᠰᠣᠯᠢᠯᠴᠠᠶ᠎ᠠ 》 ᠭᠡᠭᠦ ᠦᠢᠯᠡ ᠠᠵᠢᠯᠯᠠᠭ᠎ᠠ ᠶ᠋ᠢ ᠰᠠᠨᠠᠭᠠᠴᠢᠯᠠᠵᠤ᠂ ᠤᠯᠠᠭᠠᠨᠪᠠᠭᠠᠲᠤᠷ ᠬᠤᠲᠠ ᠶ᠋ᠢᠨ ᠨᠡᠶᠢᠲᠡ ᠶ᠋ᠢᠨ ᠲᠥᠪ ᠨᠣᠮ ᠤᠨ ᠰᠠᠩ ᠤᠨ ᠦᠢᠯᠡᠴᠢᠯᠡᠭᠡ ᠶ᠋ᠢ ᠢᠷᠭᠡᠳ ᠲᠤ  ᠣᠶᠢᠷᠠᠲᠤᠭᠤᠯᠬᠤ᠂ ᠤᠩᠰᠢᠬᠴᠢᠳ ᠨᠣᠮ ᠢᠶᠠᠷ ᠨᠥᠬᠦᠷᠯᠡᠬᠦ᠂ ᠪᠤᠰᠤᠳ ᠲᠠᠢ ᠨᠣᠮ ᠢᠶᠡᠨ ᠰᠣᠯᠢᠯᠴᠠᠬᠤ ᠪᠣᠯᠤᠮᠵᠢ ᠶ᠋ᠢ ᠪᠦᠷᠢᠳᠦᠭᠦᠯᠬᠦ ᠶ᠋ᠢᠨ ᠳᠦᠯᠦᠭᠡ ᠡᠨᠡ ᠵᠢᠯ ᠡᠴᠠ ᠰᠠᠷ᠎ᠡ ᠪᠦᠷᠢ ᠶ᠋ᠢᠨ ᠡᠬᠢᠨ ᠤ ᠳᠣᠯᠤᠭ᠎ᠠ ᠬᠤᠨᠤᠭ ᠤᠨ ᠪᠢᠮᠪᠠ ᠭᠠᠷᠠᠭ ᠲᠤ ᠵᠣᠬᠢᠶᠠᠨ ᠪᠠᠢᠭᠤᠯᠬᠤ ᠪᠠᠷ ᠪᠣᠯᠣᠭᠰᠠᠨ ᠶᠤᠮ᠃   

ᠡᠶᠢᠨᠬᠦ ᠦᠩᠭᠡᠷᠡᠭᠰᠡᠨ 1 ᠳ᠋ᠦ᠋ᠭᠡᠷ ᠰᠠᠷ᠎ᠡ ᠳ᠋ᠤ᠂ ᠨᠡᠶᠢᠰᠯᠡᠯ ᠤᠨ ᠰᠤᠶᠤᠯ ᠤᠷᠠᠯᠢᠭ ᠤᠨ ᠭᠠᠵᠠᠷ᠂ ᠨᠠᠴᠤᠭᠳᠣᠷᠵᠢ ᠶ᠋ᠢᠨ ᠨᠡᠷᠡᠮᠵᠢᠲᠦ ᠨᠡᠶᠢᠲᠡ ᠶ᠋ᠢᠨ ᠲᠥᠪ ᠨᠣᠮ ᠤᠨ ᠰᠠᠩ ᠲᠠᠢ ᠬᠠᠮᠲᠤᠷᠠᠨ᠂ 《 ᠨᠣᠮ ᠢᠶᠡᠨ ᠰᠣᠯᠢᠯᠴᠠᠶ᠎ᠠ 》 ᠡᠳᠦᠷᠯᠢᠭ ᠢ ᠲᠥᠪ ᠲᠠᠯᠠᠪᠠᠢ ᠳ᠋ᠤ ᠠᠮᠵᠢᠯᠲᠠ ᠲᠠᠢ ᠵᠣᠬᠢᠶᠠᠨ ᠪᠠᠶᠢᠭᠣᠯᠪᠠ᠃ ᠳᠤᠰ ᠤᠳᠠᠭ᠎ᠠ᠂ ᠨᠣᠮ ᠢᠶᠡᠨ ᠰᠣᠯᠢᠯᠴᠠᠬᠤ ᠪᠠᠷ ᠲᠥᠪ ᠲᠠᠯᠠᠪᠠᠢ ᠳ᠋ᠤ ᠬᠡᠦᠬᠡᠳ᠂ ᠪᠠᠭᠠᠴᠤᠳ᠂ ᠵᠠᠯᠠᠭᠤᠴᠤᠳ ᠪᠣᠯᠤᠨ ᠵᠣᠬᠢᠶᠠᠯᠴᠢᠳ ᠢᠷᠡᠭᠰᠡᠨ ᠤ ᠳᠣᠲᠣᠷ᠎ᠠ ᠠᠬᠠᠮᠠᠳ ᠤᠳ ᠪᠠᠭ᠎ᠠ ᠦᠭᠡᠢ ᠪᠠᠶᠢᠭᠰᠠᠨ ᠪᠥᠭᠡᠳ ᠥᠪᠡᠷ ᠤᠨ ᠤᠩᠰᠢᠭᠰᠠᠨ ᠨᠣᠮ ᠢᠶᠡᠨ ᠪᠤᠰᠤᠳ ᠲᠠᠢ ᠪᠠᠨ ᠬᠤᠪᠢᠶᠠᠯᠴᠠᠵᠤ᠂ ᠪᠤᠰᠤᠳ ᠤᠨ ᠤᠩᠰᠢᠭᠰᠠᠨ ᠨᠣᠮ ᠢᠶᠠᠷ ᠰᠣᠯᠢᠯᠴᠠᠬᠤ ᠪᠣᠯᠤᠮᠵᠢ ᠶ᠋ᠢ ᠣᠯᠭᠤᠭᠰᠠᠨ ᠳ᠋ᠤ ᠶᠡᠬᠡᠳᠡ ᠲᠠᠯᠠᠷᠬᠠᠵᠤ ᠪᠠᠶᠢᠯ᠎ᠠ᠃ ᠳᠡᠷᠡᠴᠢᠯᠡᠨ ᠡᠳᠦᠷᠯᠢᠭ ᠲᠤ ᠬᠦᠷᠦᠯᠴᠡᠨ ᠢᠷᠡᠭᠰᠡᠨ 300 ᠭᠠᠷᠤᠢ ᠢᠷᠭᠡᠳ ᠤᠨ ᠣᠯᠠᠩᠬᠢ ᠨᠢ ᠲᠡᠦᠬᠡ᠂ ᠤᠷᠠᠨ ᠵᠣᠬᠢᠶᠠᠯ ᠤᠨ ᠨᠣᠮ ᠰᠣᠨᠢᠷᠬᠠᠵᠤ ᠪᠠᠶᠢᠭᠰᠠᠨ ᠪᠣᠯ ᠬᠠᠮᠤᠭ ᠤᠨ ᠪᠠᠭ᠎ᠠ 5 ᠨᠠᠰᠤᠲᠠᠢ ᠤᠩᠰᠢᠬᠴᠢ ᠦᠯᠢᠭᠡᠷ ᠤᠨ ᠨᠣᠮ ᠬᠠᠶᠢᠵᠤ ᠡᠵᠢ᠂ ᠡᠭᠡᠴᠢ ᠶ᠋ᠢᠨ ᠬᠠᠮᠲᠤ ᠢᠷᠡᠭᠰᠡᠨ ᠪᠠᠶᠢᠪᠠ᠃       

ᠦᠪᠠᠷ ᠤᠨ ᠨᠣᠮ ᠢᠶᠡᠨ ᠰᠠᠷ᠎ᠠ ᠶ᠋ᠢᠨ ᠬᠤᠭᠤᠴᠠᠭ᠎ᠠ ᠲᠠᠢ ᠪᠤᠰᠤᠳ ᠲᠠᠢ ᠪᠠᠨ ᠰᠣᠯᠢᠯᠴᠠᠵᠤ ᠤᠩᠰᠢᠬᠤ ᠪᠠᠷ ᠡᠬᠢᠯᠡᠭᠦᠯᠦᠭᠰᠡᠨ ᠲᠤᠰ ᠡᠳᠦᠷᠯᠢᠭ᠂ 2 ᠳ᠋ᠤᠭᠠᠷ ᠰᠠᠷ᠎ᠡ ᠶ᠋ᠢᠨ 4 ᠤ ᠡᠳᠤᠷ ᠤᠯᠠᠮᠵᠢᠯᠠᠯ ᠶᠤᠰᠤᠭᠠᠷ ᠰᠦᠬᠡᠪᠠᠭᠠᠲᠤᠷ ᠤᠨ ᠲᠠᠯᠠᠪᠠᠢ ᠳ᠋ᠤ ᠵᠣᠬᠢᠶᠠᠨ ᠪᠠᠶᠢᠭᠤᠯᠤᠭᠳᠠᠭᠰᠠᠨ ᠶᠤᠮ᠃

ᠢᠷᠡᠯᠳᠡ᠄ ᠰᠢᠯᠢ ᠶᠢᠨ ᠭᠣᠣᠯ ᠮᠣᠩᠭᠣᠯ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ