ᠵᠠᠯᠠᠭᠤ ᠤᠷᠲᠤ ᠶᠢᠨ ᠳᠠᠭᠤᠴᠢᠨ ᠣᠶᠣᠩᠡᠷᠡᠯ

ᠤᠩᠰᠢᠭᠰᠠᠨ ᠤᠳᠠᠭ᠎ᠠ ᠄ 940    ᠨᠡᠶᠢᠳᠡᠯᠡᠭᠰᠡᠨ ᠴᠠᠭ ᠄ 2017-02-22


 


ᠣᠶᠣᠩᠡᠷᠡᠯ᠂ ᠦᠪᠦᠷ ᠮᠣᠩᠭᠣᠯ ᠤᠨ ᠦᠨᠳᠦᠰᠦᠳᠡᠨ ᠤ ᠲᠠᠭᠤᠤ ᠪᠦᠵᠢᠭ ᠵᠦᠴᠦᠭᠡ ᠶ᠋ᠢᠨ ᠬᠦᠷᠢᠶᠡᠯᠡᠩ ᠦᠨ ᠳᠠᠭᠤᠴᠢᠨ᠂ ᠤᠯᠤᠰ ᠤᠨ ᠨᠢᠭᠡᠳᠦᠭᠡᠷ ᠲᠡᠰ ᠦᠨ ᠲᠤᠭᠯᠠᠭᠴᠢ᠂ ᠦᠪᠦᠷ ᠮᠤᠩᠭᠤᠯ ᠤᠨ ᠰᠢᠯᠢ ᠶ᠋ᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠣᠰᠢᠭᠤ ᠪᠠᠷ ᠨᠤᠳᠤᠭᠳᠠᠢ᠃ ᠲᠠᠷᠡ ᠤᠷᠢᠳ ᠬᠤᠵᠢᠳ ᠮᠣᠩᠭᠣᠯ ᠤᠯᠤᠰ᠂ ᠺᠤᠷᠢᠶᠠ᠂ ᠶᠠᠫᠤᠨ᠂ ᠰᠢᠶᠠᠩᠭᠠᠩ᠂ ᠤᠤᠮᠸᠨ ᠵᠡᠷᠭᠡ ᠤᠯᠠᠨ ᠤᠯᠤᠰ ᠤᠷᠤᠨ ᠢᠶᠠᠷ ᠬᠦᠷᠴᠦ ᠲᠤᠭᠯᠠᠨ᠂ ᠤᠷᠳᠤ ᠶ᠋ᠢᠨ ᠲᠠᠭᠤᠤ ᠪᠠᠨ ᠲᠡᠯᠡᠬᠡᠢ ᠶ᠋ᠢᠨ ᠲᠠᠪᠴᠠᠩ ᠳ᠋ᠤ ᠰᠤᠨᠤᠷᠳᠠᠭᠤᠯᠵᠤ ᠶᠠᠪᠤᠵᠠᠢ᠃ ᠲᠡᠷᠡᠪᠡᠷ 2001 ᠤᠨ ᠳ᠋ᠤ ᠪᠦᠬᠦ ᠤᠯᠤᠰ ᠤᠨ ᠰᠤᠨᠤᠰᠤᠭᠴᠢᠳ ᠤᠨ ᠪᠠᠬᠠᠷᠬᠠᠳᠠᠭ ᠲᠠᠭᠤᠴᠢᠳ ᠤᠨ ᠦᠪᠦᠷ ᠮᠣᠩᠭᠣᠯ ᠤᠨ ᠰᠣᠩᠭᠣᠯᠳᠠ ᠣᠷᠣᠯᠳᠣᠭᠠᠨ ᠤ ᠦᠨᠳᠦᠰᠦᠳᠡᠨ ᠤ ᠲᠠᠭᠤᠯᠠᠯᠭ᠎ᠠ ᠶ᠋ᠢᠨ ᠭᠤᠷᠪᠠᠳᠤᠭᠠᠷ ᠲᠡᠰ ᠦᠨ ᠱᠠᠩᠨᠠᠯ ᠬᠦᠷᠳᠡᠵᠦ᠂ ᠮᠦᠨ ᠵᠢᠯ ᠦᠨ 7 ᠳ᠋ᠤᠭᠠᠷ ᠰᠠᠷ᠎ᠠ ᠳ᠋ᠤ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠮᠣᠩᠭᠣᠯ ᠠᠷᠠᠳ ᠤᠨ ᠤᠷᠳᠤ ᠶ᠋ᠢᠨ ᠲᠠᠭᠤᠴᠢᠳ ᠤᠨ ᠤᠷᠤᠯᠳᠤᠭᠠᠨ ᠳ᠋ᠤ ᠬᠤᠶᠠᠳᠤᠭᠠᠷ ᠲᠡᠰ ᠦᠨ ᠱᠠᠩᠨᠠᠯ ᠬᠦᠷᠳᠡᠨ᠂ 2005 ᠣᠨ ᠳ᠋ᠤ ᠪᠤᠯᠤᠭᠰᠠᠨ ᠬᠤᠶᠠᠳᠤᠭᠠᠷ ᠬᠤᠭᠤᠴᠠᠭᠠᠨ ᠤ ᠮᠡᠷᠭᠡᠵᠢᠯ ᠦᠨ ᠲᠤᠭᠤᠶᠢᠯᠠᠩ ‍ᠤᠨ ᠬᠤᠶᠠᠳᠤᠭᠠᠷ ᠲᠡᠰ ᠦᠨ ᠱᠠᠩᠨᠠᠯ ᠢ ᠲᠤᠰᠪᠠ᠃ 2006 ᠣᠨ ᠤ 12 ᠳ᠋ᠤᠭᠠᠷ ᠬᠤᠭᠤᠴᠠᠭᠠᠨ ᠤ CCTV ᠪᠦᠬᠦ ᠤᠯᠤᠰ ᠤᠨ ᠵᠠᠯᠠᠭᠤ ᠲᠠᠭᠤᠴᠢᠳ ᠤᠨ ᠤᠷᠤᠯᠳᠤᠭᠠᠨ ᠤ ᠦᠪᠦᠷ ᠮᠣᠩᠭᠣᠯ ᠤᠷᠤᠨ ᠤ ᠤᠷᠤᠯᠳᠤᠭᠠᠨ ᠳ᠋ᠤ ᠬᠠᠮᠳᠤᠯᠢᠭ ᠤᠨ ᠲᠤᠭᠤᠶᠢᠯᠠᠩ ᠳ᠋ᠤ ᠨᠢᠭᠡᠳᠦᠭᠡᠷ ᠲᠡᠰ ᠦᠨ ᠱᠠᠩᠨᠠᠯ᠂ ᠶᠡᠷᠦᠩᠬᠡᠢ ᠰᠢᠢᠳᠪᠦᠷᠢᠳᠦ ᠤᠷᠤᠯᠳᠤᠭᠠᠨ ᠤ ᠬᠤᠶᠠᠳᠤᠭᠠᠷ ᠲᠡᠰ ᠦᠨ ᠱᠠᠩᠨᠠᠯ ᠬᠦᠷᠳᠡᠵᠡᠢ᠃ 2007 ᠤᠨ ᠳ᠋ᠤ ᠤᠯᠠᠨ ᠤᠯᠤᠰ ᠤᠨ ᠮᠤᠩᠭᠤᠯ ᠦᠨᠳᠦᠰᠦᠳᠡᠨ ᠤ ᠤᠷᠳᠤ ᠶ᠋ᠢᠨ ᠲᠠᠭᠤᠤ ᠶ᠋ᠢᠨ ᠲᠸᠯᠸᠢᠰ ᠱᠠᠩᠨᠠᠯᠳᠤ ᠤᠷᠤᠯᠳᠤᠭᠠᠨ ᠳᠤ ᠬᠦᠷᠡᠯ ᠮᠸᠲᠠᠯ ᠠᠪᠴᠤ᠂ 2008 ᠤᠨ ᠤ 7 ᠳ᠋ᠤᠭᠠᠷ ᠰᠠᠷ᠎ᠠ ᠳᠤ 《 ᠦᠵᠦᠮᠦᠴᠢᠨ 》 ᠬᠤᠨᠳᠠᠭᠠᠳᠤ ᠨᠠᠢᠮᠠᠨ ᠮᠤᠵᠢ ᠤᠷᠤᠨ ᠤ ᠬᠤᠶᠠᠳᠤᠭᠠᠷ ᠬᠤᠭᠤᠴᠠᠭᠠᠨ ᠤ ᠮᠣᠩᠭᠣᠯ ᠲᠠᠭᠤᠤ ᠶ᠋ᠢᠨ ᠲᠸᠯᠸᠢᠰ ᠱᠠᠩᠨᠠᠯᠳᠤ ᠤᠷᠤᠯᠳᠤᠭᠠᠨ ᠤ ᠤᠷᠳᠤ ᠶ᠋ᠢᠨ ᠲᠠᠭᠤᠤ ᠶ᠋ᠢᠨ ᠤᠷᠤᠯᠳᠣᠭᠠᠨ ᠳ᠋ᠤ ᠲᠡᠷᠢᠭᠦᠨ ᠱᠠᠩᠨᠠᠯ ᠢ ᠲᠤᠰᠴᠠᠢ᠃


ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ