ᠪᠤᠷᠵᠢᠬᠢᠨ ᠭᠡᠷᠡᠯᠲᠦ ᠡᠷᠡᠬᠦᠯ ᠮᠡᠨᠳᠦ ᠳᠤ ᠲᠤᠰᠠᠯᠠᠬᠤ ᠬᠤᠤᠵᠤᠤ ᠲᠠᠢ ᠴᠠᠢ ᠰᠤᠲᠤᠯᠤᠨ ᠪᠦᠲᠦᠭᠡᠯ᠎ᠡ

ᠤᠩᠰᠢᠭᠰᠠᠨ ᠤᠳᠠᠭ᠎ᠠ ᠄ 1001    ᠨᠡᠶᠢᠳᠡᠯᠡᠭᠰᠡᠨ ᠴᠠᠭ ᠄ 2017-02-22

ᠬᠦᠬᠡᠬᠤᠲᠠ ᠶᠢᠨ 2 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ᠂ ᠮᠣᠩᠭᠣᠯ ᠡᠮ ᠬᠢᠮᠢ ᠶᠢᠨ ᠰᠤᠲᠤᠯᠭᠠᠲᠠᠨ᠂ ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠫᠷᠤᠹᠸᠰᠰᠤᠷ ᠪᠤᠷᠵᠢᠬᠢᠨ ᠭᠡᠷᠡᠯᠲᠦ ᠵᠢᠴᠢ ᠲᠡᠭᠦᠨ ᠶᠢᠡᠷ ᠠᠬᠠᠯᠠᠭᠤᠯᠤᠭᠰᠠᠨ ᠪᠠᠭ ᠤᠨ ᠬᠠᠮᠲᠤ ᠤᠯᠠᠨ᠂ ᠠᠷᠪᠠᠭᠠᠳ ᠵᠢᠯ ᠤᠨ ᠴᠠᠭ ᠢ ᠵᠠᠷᠤᠴᠠᠭᠤᠯᠤᠨ ᠬᠤᠤᠵᠤᠤ ᠶᠢᠨ ᠲᠦᠷᠦᠯ ᠤᠨ ᠤᠷᠭᠤᠮᠠᠯ ᠳ᠋ᠤ ᠠᠭᠤᠯᠤᠭᠲᠠᠬᠤ ᠢᠲᠠᠪᠬᠢ ᠪᠦᠷᠢᠯᠲᠦᠬᠦᠨ ᠴᠢᠰᠤᠨ ᠤ ᠦᠭᠡᠬᠦ ᠶᠢ ᠪᠠᠭᠤᠷᠠᠭᠤᠯᠤᠨ ᠡᠯᠢᠭᠡ ᠬᠠᠮᠠᠭᠠᠯᠠᠬᠤ ᠦᠢᠯᠡᠳᠦᠯ ᠲᠠᠢ ᠭᠡᠰᠡᠨ ᠢ ᠠᠩᠬ᠎ᠠ ᠰᠤᠲᠤᠯᠤᠨ ᠢᠯᠡᠷᠡᠬᠦᠯᠵᠤ᠂ ᠡᠬᠦᠨ ᠤ ᠪᠡᠨ ᠰᠠᠭᠤᠷᠢᠨ ᠳᠡᠭᠡᠷ᠎ᠡ ᠤᠲᠤ ᠦᠶ᠎ᠠ ᠶᠢᠨ ᠢᠯᠭᠠᠨ ᠰᠠᠯᠭᠠᠬᠤ ᠠᠷᠭ᠎ᠠ ᠪᠡᠷ ᠬᠤᠤᠵᠤᠤ ᠶᠢᠨ ᠭᠤᠱᠤᠭᠤᠨ ᠴᠢᠨᠠᠷ ᠪᠠ ᠬᠤᠤᠷᠠᠲᠤ ᠴᠢᠨᠠᠷ ᠢ ᠢᠯᠭᠠᠷᠠᠭᠤᠯᠤᠨ ᠢᠲᠡᠪᠬᠢ ᠪᠦᠷᠢᠯᠲᠦᠬᠦᠨ ᠢ ᠨᠢ ᠦᠯᠡᠳᠡᠭᠡᠵᠤ᠂ ᠬᠦᠮᠦᠨ ᠤ ᠪᠠᠶ᠎ᠠ ᠶᠢᠨ ᠡᠷᠡᠬᠦᠯ ᠮᠡᠨᠳᠦ ᠳ᠋ᠤ ᠲᠤᠰᠠᠯᠠᠬᠤ ᠬᠤᠵᠤᠤ ᠲᠠᠢ ᠴᠠᠢ ᠶᠢ ᠰᠤᠲᠤᠯᠤᠨ ᠪᠦᠳᠦᠬᠡᠪᠡ᠃



ᠤᠢᠢᠯᠠᠭᠠᠭᠰᠠᠨ ᠶᠢᠡᠷ᠂ ᠪᠤᠷᠵᠢᠬᠢᠨ ᠭᠡᠷᠡᠯᠲᠦ ᠮᠣᠩᠭᠣᠯ ᠡᠮ ᠢᠶᠡᠷ ᠡᠪᠡᠳᠴᠢᠨ ᠵᠠᠰᠠᠬᠤ ᠮᠤᠯᠸᠺᠦ᠋ᠯ ᠢ ᠤᠲᠤ ᠦᠶ᠎ᠠ ᠶᠢᠨ ᠰᠢᠨᠵᠢᠯᠡᠬᠦ ᠤᠬᠠᠭᠠᠨ ᠤ ᠠᠷᠭ᠎ᠠ ᠪᠡᠷ ᠤᠯᠪᠤᠷᠢᠯᠠᠵᠤ᠂ ᠡᠮᠴᠢᠯᠡᠬᠦ ᠦᠢᠯᠡᠳᠦᠯ ᠢ ᠭᠧᠨ ᠬᠦᠷᠲᠡᠯ᠎ᠡ ᠰᠢᠰᠲ᠋ᠸᠮ ᠲᠠᠢ ᠰᠤᠲᠤᠯᠵᠤ᠂ ᠤᠯᠤᠰ ᠤᠨ ᠲᠤᠰᠬᠠᠢ ᠠᠰᠢᠭ ᠤᠨ ᠡᠷᠬᠡ ᠪᠠ ᠦᠢᠯᠡᠳᠪᠦᠷᠢᠯᠡᠬᠦ ᠡᠷᠬᠡ ᠶᠢᠨ ᠲᠠᠭᠠᠤ ᠬᠢᠵᠦ ᠪᠦᠲᠦᠭᠡᠭ᠍ᠰᠡᠨ《 ᠮᠡᠨᠳᠦ 》ᠴᠠᠢ ᠨᠢ ᠮᠠᠨ ᠤ ᠤᠯᠤᠰ ᠤᠨ ᠴᠢᠰᠤᠨ ᠤ ᠦᠭᠡᠬᠦ ᠶᠢ ᠪᠠᠭᠤᠷᠠᠭᠤᠯᠬᠤ᠂ ᠡᠯᠢᠭᠡ ᠬᠠᠮᠠᠭᠠᠯᠠᠬᠤ ᠳ᠋ᠤ ᠲᠤᠰᠠᠲᠠᠢ ᠰᠢᠨ᠎ᠡ ᠡᠮ ᠢ ᠰᠤᠲᠤᠯᠤᠨ ᠦᠢᠯᠡᠳᠬᠦ ᠳ᠋ᠤ ᠰᠢᠨ᠎ᠡ ᠰᠡᠳᠬᠢᠮᠵᠢ ᠬᠠᠩᠭ᠋ᠠᠵᠠᠢ᠃




   

ᠪᠤᠷᠵᠢᠬᠢᠨ ᠭᠡᠷᠡᠯᠲᠦ ᠦᠪᠦᠷ ᠮᠤᠩᠭ᠋ᠤᠯ ᠤᠨ ᠰᠢᠯᠢ ᠶᠢᠨ ᠭᠤᠤᠯ ᠠᠢᠢᠮᠠᠭ ᠤᠨ ᠬᠦᠪᠡᠭᠡᠲᠦ ᠰᠢᠷ᠎ᠠ ᠬᠤᠰᠢᠭᠤ ᠪᠡᠷ ᠨᠤᠲᠤᠭ ᠲᠠᠢ᠂ ᠤᠳᠤ ᠪᠡᠷ ᠦᠪᠦᠷ ᠮᠣᠩᠭᠣᠯ ᠤᠨ ᠶᠡᠬᠡ ᠰᠤᠷᠭᠠᠭᠤᠯᠢ ᠶᠢᠨ ᠮᠣᠩᠭᠣᠯ ᠡᠮ ᠬᠢᠮᠢ ᠶᠢᠨ ᠰᠤᠲᠤᠯᠭᠠᠨ ᠤ ᠲᠠᠰᠤᠭ ᠤᠨ ᠳᠠᠷᠤᠭ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠮᠣᠩᠭᠣᠯ ᠡᠮ ᠬᠢᠮᠢ ᠶᠢᠨ ᠭᠤᠤᠯᠲᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ᠪᠡᠷ ᠠᠵᠢᠯᠯᠠᠵᠤ ᠪᠤᠢ᠃




ᠢᠷᠡᠯᠳᠡ᠄ ᠰᠢᠨᠬᠤᠸᠠ ᠮᠣᠩᠭᠣᠯ ᠨᠧᠲ ᠬᠠᠷᠢᠭᠤᠴᠠᠭᠰᠠᠨ ᠨᠠᠶᠢᠷᠠᠭᠤᠯᠤᠭᠴᠢ ᠄