ᠬᠦᠬᠡᠬᠤᠳᠠ — 《 ᠡᠷᠡᠭᠦᠯ ᠡᠩᠬᠡ ᠳᠦᠪ ᠬᠤᠳᠠ 》

ᠤᠩᠰᠢᠭᠰᠠᠨ ᠤᠳᠠᠭ᠎ᠠ ᠄ 1647    ᠨᠡᠶᠢᠳᠡᠯᠡᠭᠰᠡᠨ ᠴᠠᠭ ᠄ 2017-02-28

ᠤᠯᠠᠨ ᠳᠦᠮᠡᠨ ᠳᠡᠭᠡᠨ ᠳᠦᠭᠦᠮ ᠦᠵᠡᠭᠦᠯᠵᠦ᠂ ᠠᠰᠢᠬ ᠬᠦᠷᠳᠡᠭᠡᠬᠦ ᠪᠤᠯ ᠬᠦᠬᠡᠬᠤᠳᠠ ᠶᠢᠨ ᠡᠷᠡᠭᠦᠯ ᠬᠠᠮᠠᠭᠠᠯᠠᠯ ᠤᠨ ᠦᠢᠯᠡᠰ ᠤᠨ ᠬᠦᠭᠵᠢᠯᠳᠡ ᠶᠢᠨ ᠦᠨᠳᠦᠰᠦᠨ ᠬᠠᠷᠠᠯᠳᠠ ᠪᠤᠯᠤᠨ ᠠ᠃ ᠰᠢᠨ ᠠ ᠤᠨ ᠤ ᠪᠤᠱᠤᠭᠠᠨ ᠳᠡᠭᠡᠷ ᠡ ᠬᠦᠬᠡᠬᠤᠳᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠴᠢᠩᠭᠠᠳᠬᠠᠵᠤ᠂ ᠦᠨᠳᠦᠰᠤᠨ ᠡᠮ ᠡᠮᠨᠡᠯᠭᠡ ᠶᠢᠨ ᠪᠠᠳᠤᠯᠠᠪᠤᠷᠢ ᠶᠢᠨ ᠰᠢᠰᠲ᠋ᠧᠮ ᠤᠨ ᠪᠠᠶᠢᠢᠭᠤᠯᠤᠯᠳᠠ ᠵᠡᠷᠭᠡ ᠶᠢ ᠤᠩᠰᠢᠬᠴᠢ ᠳᠦᠮᠡᠨ ᠳᠡᠭᠡᠨ ᠮᠡᠳᠡᠭᠡᠯᠡᠨ ᠰᠤᠨᠤᠰᠬᠠᠬᠤ ᠳᠤ ᠤᠷᠮ᠎ᠠ ᠲᠠᠢ ᠪᠠᠶᠢᠨ᠎ᠠ᠃ ᠮᠠᠨ ᠤ ᠳᠦᠪ ᠬᠤᠳᠠ ᠶᠢᠨ ᠡᠷᠡᠭᠦᠯ ᠬᠠᠮᠠᠭᠠᠯᠠᠯ ᠪᠠ ᠡᠷᠡᠭᠦᠯ ᠡᠩᠬᠡ ᠶᠢᠨ ᠦᠢᠯᠡᠰ ᠤᠷᠤᠭᠰᠢᠳᠠᠢ ᠬᠦᠭᠵᠢᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠳᠤ ᠬᠠᠩᠭᠠᠮᠵᠢᠳᠠᠢ ᠪᠠᠳᠤᠯᠠᠭ᠎ᠠ ᠬᠠᠩᠭᠠᠵᠤ ᠳᠡᠶᠢᠯᠬᠦ ᠪᠤᠯᠤᠭᠠᠳ ᠪᠠᠶᠢᠨ᠎ᠠ᠃

      ᠡᠪᠡᠳᠴᠢᠨ ᠦᠵᠡᠭᠦᠯᠬᠦ ᠳᠤ ᠳᠦᠭᠦᠮ ᠪᠤᠯᠪᠠ

ᠨᠢᠳᠤᠨᠤᠨ ᠬᠦᠬᠡᠬᠤᠳᠠ ᠶᠢᠨ ᠮᠤᠩᠭᠤᠯ ᠬᠢᠳᠠᠳ ᠡᠮᠨᠡᠯᠭᠡ ᠶᠢᠨ ᠬᠤᠷᠢᠶ᠎ᠡ ᠬᠦᠬᠡᠬᠤᠳᠠ ᠶᠢᠨ ᠶᠢᠨ ᠴᠢᠶᠤᠤ ᠨᠡᠭᠡᠭᠡᠯᠳᠡ ᠶᠢᠨ ᠳᠤᠭᠤᠷᠢᠬ ᠲᠤ ᠨᠡᠭᠦᠵᠦ ᠢᠷᠡᠭᠡᠳ᠂ 《 ᠮᠢᠩ ᠸᠠᠩ ᠬᠤᠷᠤᠭᠠᠯᠠᠯ 》 ᠳᠤ ᠰᠠᠭᠤᠳᠠᠭ ᠯᠢ ᠭᠤᠸᠠᠢ ᠶᠢ ᠪᠠᠶᠠᠷᠯᠠᠭᠤᠯᠵᠠᠢ᠃ ᠯᠢ ᠭᠤᠸᠠᠢ ᠭᠡᠵᠦ ᠤᠯᠠᠨ ᠵᠢᠯ ᠴᠢᠰᠦᠨ ᠳᠠᠷᠤᠯᠳᠠ ᠦᠨᠳᠦᠷ ᠵᠡᠷᠭᠡ ᠡᠪᠡᠳᠴᠢᠨ ᠠᠴᠠ ᠪᠤᠯᠵᠤ ᠪᠠᠶᠢᠨ ᠪᠠᠶᠢᠨ ᠡᠮᠨᠡᠯᠭᠡ ᠳᠤ ᠰᠠᠭᠤᠳᠠᠭ᠂ ᠡᠮ ᠳᠠᠩ ᠭᠡᠵᠦ ᠦᠷᠭᠦᠯᠵᠢ ᠡᠮᠨᠡᠯᠭᠡ ᠶᠢᠨ ᠬᠤᠷᠢᠶ᠎ᠡ ᠡᠷᠢᠵᠦ ᠶᠠᠪᠤᠳᠠᠭ ᠶᠤᠮ ᠪᠠᠶᠢᠨ᠎ᠠ᠃ 《 ᠤᠳᠤ ᠡᠭᠦᠳᠡᠨ ᠳᠡᠭᠡᠨ ᠡᠮᠨᠡᠯᠭᠡ ᠶᠢᠨ ᠬᠤᠷᠢᠶ᠎ᠡ ᠲᠠᠢ ᠪᠤᠯᠤᠭᠠᠳ ᠰᠠᠨᠠᠭ᠎ᠠ ᠠᠮᠤᠷᠠᠯ᠎ᠠ᠂ ᠨᠠᠰᠤ ᠠᠬᠠᠰᠢᠷᠠᠭᠠᠳ ᠨᠠᠰᠢ ᠴᠠᠰᠢ ᠬᠦᠶᠦᠬᠦ ᠭᠡᠴᠡᠭᠦᠦ ᠰᠢᠦ 》 ᠭᠡᠵᠦ ᠲᠡᠷᠡ ᠶᠠᠷᠢᠨ᠎ᠠ᠃      


ᠦᠨᠦ ᠵᠢᠯ ᠬᠦᠬᠡᠬᠤᠳᠠ ᠶᠢᠨ ᠬᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠨᠳᠦᠰᠦᠨ ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠬᠤ ᠶᠤᠮ ᠪᠠᠶᠢᠨ᠎ᠠ᠃ 2016 ᠤᠨ ᠳᠤ ᠪᠦᠬᠦ ᠬᠤᠳᠠ ᠶᠢᠨ ᠬᠡᠪᠴᠢᠶᠡᠨ ᠳᠤ ᠡᠷᠡᠭᠦᠯ ᠬᠠᠮᠠᠭᠠᠯᠠᠯ ᠤᠨ ᠭᠤᠤᠯᠳᠠᠯᠭ᠎ᠠ ᠲᠠᠢ 14 ᠳᠦᠷᠦᠯ ᠵᠦᠢᠯ ᠢ ᠪᠦᠲᠦᠭᠡᠨ ᠪᠠᠶᠢᠭᠤᠯᠵᠤ᠂ ᠡᠭᠦᠨ ᠳᠤ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ 7᠂ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ 7 ᠪᠠᠶᠢᠵᠤ᠂ ᠵᠢᠱᠢᠯᠲᠡ ᠪᠠᠷ ᠶᠠᠷᠦᠩᠬᠡᠢ ᠪᠡᠯᠡ ᠤᠷᠤᠭᠤᠯᠤᠯᠲᠠ ᠨᠢ 70 ᠭᠠᠷᠤᠢ ᠳ᠋ᠦᠩᠰᠢᠭᠤᠷ ᠲᠦᠭᠦᠷᠢᠭ ᠲᠤ ᠬᠦᠷᠦᠨ᠎ᠡ᠃



ᠦᠪᠦᠷ ᠮᠤᠩᠭᠤᠯ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ᠂ ᠡᠮᠡᠭᠲᠡᠶᠢᠴᠦᠳ ᠤᠨ ᠬᠦᠩᠭᠡᠵᠢᠬᠦ ᠡᠮᠨᠡᠯᠭᠡ ᠶᠢᠨ ᠬᠤᠷᠢᠶ᠎ᠠ᠂ ᠡᠮᠡᠭᠲᠡᠶᠢᠴᠦᠳ ᠬᠡᠦᠬᠡᠳ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠵᠡᠷᠭᠡ ᠶᠢ ᠭᠤᠷᠪᠠ ᠶᠢ ᠨᠢᠭᠡ ᠴᠤᠭᠴᠠᠵᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠭᠠᠳᠠᠭᠰᠢ ᠨᠡᠭᠦᠵᠦ ᠰᠢᠨ᠎ᠡ ᠬᠤᠲᠠ ᠲᠤᠭᠤᠷᠢᠭ ᠤᠨ ᠴᠠᠬᠠᠷ ᠵᠡᠭᠡᠯᠢ ᠠᠴᠠ ᠠᠷᠤ ᠳᠤ᠂ ᠬᠠᠷᠠᠴᠢᠨ ᠵᠠᠮ ᠠᠴᠠ ᠵᠡᠭᠦᠨᠰᠢᠬᠢ ᠬᠡᠪᠴᠢᠶᠡᠨ ᠳᠤ ᠪᠠᠶᠢᠷᠢᠯᠠᠬᠤ ᠪᠠᠷ ᠪᠤᠯᠵᠤ᠂ ᠦᠪᠠᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠠᠴᠠ ᠡᠮᠦᠨ᠎ᠡ ᠠᠰᠢᠬᠯᠠᠯᠲᠠ ᠳᠤ ᠤᠷᠤᠭᠤᠯᠬᠤ ᠪᠠᠷ ᠪᠤᠢ︔ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠨᠢ ᠰᠠᠶᠢᠬᠠᠨ ᠲᠤᠭᠤᠷᠢᠭ ᠤᠨ ᠪᠠᠷᠠᠭᠤᠨ ᠪᠠᠶᠠᠨ ᠪᠡᠯᠴᠢᠬᠡᠷ ᠰᠢᠶᠠᠩ ᠤᠨ ᠬᠡᠪᠴᠢᠶᠡᠨ ᠳᠤ ᠨᠡᠭᠦᠵᠦ ᠤᠴᠢᠬᠤ ᠪᠠᠷ ᠪᠤᠯᠵᠤ᠂ 2017 ᠤᠨ ᠤ ᠵᠢᠯ ᠤᠨ ᠰᠡᠭᠦᠯᠴᠢ ᠠᠴᠠ ᠡᠮᠦᠨ᠎ᠡ ᠠᠰᠢᠬᠯᠠᠯᠲᠠ ᠳᠤ ᠤᠷᠤᠭᠤᠯᠬᠤ ᠪᠠᠷ ᠪᠤᠢ︔ᠬᠦᠭᠡᠬᠤᠲᠠ ᠶᠢᠨ ᠮᠤᠩᠭᠤᠯ ᠬᠢᠲᠡᠳ ᠡᠮᠨᠡᠯᠭᠡ ᠶᠢᠨ ᠬᠤᠷᠢᠶ᠎ᠠ ᠶᠢ ᠪᠤᠭᠤᠲᠤ ᠵᠠᠭᠡᠯᠢ ᠬᠢᠭᠡᠳ ᠳ᠋ᠦᠩ ᠶᠢᠩ ᠡᠮᠦᠨ᠎ᠡ ᠵᠠᠮ ᠤᠨ ᠠᠭᠤᠯᠵᠠᠷ ᠭᠡᠰᠡᠭ ᠲᠤ ᠰᠢᠯᠵᠢᠭᠦᠯᠦᠨ ᠪᠠᠶᠢᠭᠤᠯᠬᠤ ᠪᠠᠷ ᠪᠤᠯᠵᠤ᠂ ᠡᠨᠡ ᠵᠢᠯ ᠤᠨ 12 ᠰᠠᠷ᠎ᠠ ᠶᠢᠨ ᠰᠡᠭᠦᠯᠴᠢ ᠪᠠᠷ ᠪᠦᠬᠦ᠋ᠢᠯᠡ ᠴᠤᠭᠴᠠ ᠪᠠᠷ ᠨᠢ ᠨᠡᠭᠦᠯᠭᠡᠨ ᠠᠰᠢᠬᠯᠠᠯᠲᠠ ᠳᠤ ᠤᠷᠤᠭᠤᠯᠬᠤ ᠪᠠᠷ ᠪᠤᠢ︔ᠬᠦᠬᠡᠬᠤᠲᠠ ᠶᠢᠨ ᠡᠮᠡᠭᠲᠡᠶᠢᠴᠦᠳ ᠬᠡᠦᠬᠡᠳ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠢᠦ᠋ᠢᠴᠢᠤᠸᠠᠨ ᠲᠤᠭᠤᠷᠢᠭ ᠤᠨ ᠶᠢᠨ ᠰᠦᠢ ᠵᠠᠮ ᠬᠢᠭᠡᠳ ᠱᠢ ᠵᠢᠢ ᠳᠠᠪᠤᠳᠤᠭᠠᠷ ᠵᠠᠮ ᠤᠨ ᠠᠭᠤᠯᠵᠠᠷ ᠭᠡᠰᠡᠭ ᠤᠨ ᠪᠠᠷᠠᠭᠤᠨ ᠬᠤᠶᠢᠳᠤ ᠲᠠᠯ᠎ᠠ ᠳᠤ ᠨᠡᠭᠦᠯᠭᠡᠨ ᠪᠠᠶᠢᠭᠤᠯᠵᠤ᠂ ᠡᠨᠡ ᠵᠢᠯ ᠤᠨ 12 ᠰᠠᠷ᠎ᠠ ᠶᠢᠨ ᠰᠡᠭᠦᠯᠴᠢ ᠪᠠᠷ ᠪᠦᠭᠦ᠋ᠢᠯᠡ ᠴᠤᠭᠴᠠ ᠪᠠᠷ ᠨᠢ ᠨᠡᠭᠦᠯᠭᠡᠨ ᠠᠰᠢᠬᠯᠠᠯᠲᠠ ᠳᠤ ᠤᠷᠤᠭᠤᠯᠬᠤ ᠪᠠᠷ ᠪᠤᠢ ᠁ 

ᠤᠢᠢᠷ᠎ᠠ ᠶᠢᠨ ᠵᠢᠯ ᠠᠴᠠ ᠨᠠᠰᠢ᠂ ᠬᠦᠬᠡᠬᠤᠲᠠ ᠶᠢᠨ ᠬᠢᠨ ᠨᠡᠶᠢᠬᠡᠮ ᠲᠤᠭᠤᠷᠢᠭ ᠤᠨ ᠡᠷᠡᠭᠦᠯ ᠬᠠᠮᠭᠠᠯᠠᠯ ᠤᠨ ᠦᠢᠯᠡᠴᠢᠯᠡᠭᠡᠨ ᠤ ᠲᠦᠪ ᠢ ᠲᠦᠷᠢᠮᠵᠢᠭᠦᠯᠵᠦ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠠᠰᠤᠷᠠᠯ ᠦᠭᠡᠢ ᠠᠬᠢᠭᠤᠯᠤᠭᠰᠠᠭᠠᠷ ᠢᠷᠡᠪᠡ᠃ ᠡᠨᠡ ᠵᠢᠯ ᠨᠡᠶᠢᠲᠡ 1800 ᠲᠦᠮᠡᠨ ᠲᠦᠭᠦᠷᠢᠭ ᠤᠨ ᠨᠦᠬᠦᠪᠦᠷᠢ ᠶᠢᠨ ᠪᠡᠯᠡ ᠮᠦᠩᠭᠦ ᠶᠢ ᠪᠠᠭᠤᠯᠭᠠᠵᠤ᠂ ᠰᠢᠨ᠎ᠠ ᠬᠤᠲᠠ ᠲᠤᠭᠤᠷᠢᠭ ᠤᠨ ᠰᠢᠨ ᠵᠢᠶᠠᠨ ᠳ᠋ᠦᠩ ᠹᠧᠩ ᠵᠠᠮ ᠤᠨ ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ ᠬᠤᠲᠤᠩ ᠲᠤ