ᠵᠠᠯᠠᠭᠤ ᠳᠠᠭᠤᠴᠢᠨ ᠱᠢᠷᠦᠨᠴᠢᠮᠡᠭ

ᠤᠩᠰᠢᠭᠰᠠᠨ ᠤᠳᠠᠭ᠎ᠠ ᠄ 1086    ᠨᠡᠶᠢᠳᠡᠯᠡᠭᠰᠡᠨ ᠴᠠᠭ ᠄ 2017-03-02

ᠱᠢᠷᠦᠨᠴᠢᠮᠡᠭ᠂ ᠳᠡᠭᠡᠳᠦ ᠮᠣᠩᠭᠣᠯ ᠨᠤᠲᠤᠭ ᠲᠠᠢ ᠵᠠᠯᠠᠭᠤ ᠳᠠᠭᠤᠴᠢᠨ᠃ ᠳᠡᠭᠡᠳᠤ ᠮᠤᠩᠭᠤᠯ ᠤᠨ ᠤᠷᠳᠤ ᠶᠢᠨ ᠳᠠᠭᠤᠤ᠂ ᠲᠤᠪᠰᠢᠭᠤᠷ ᠬᠦᠭᠵᠢᠮ ᠤᠨ ᠤᠯᠠᠮᠵᠢᠯᠠᠭᠴᠢ᠂ ᠬᠦᠬᠡᠨᠡᠭᠤᠷ ᠮᠤᠵᠢ  ᠶᠢᠨ ᠬᠠᠶᠢᠰᠢ ᠵᠸᠤ ‍ᠳ᠋ᠥ ᠠᠩᠬ᠎ᠠ ᠤᠳᠠᠭ᠎ᠠ ᠤᠷᠳᠤ ᠶᠢᠨ ᠳᠠᠭᠤᠤ᠂ ᠲᠤᠪᠰᠢᠭᠤᠷ ᠬᠦᠭᠵᠢᠮ ᠤᠨ ᠵᠢᠭᠠᠨ ᠰᠤᠷᠭᠠᠯᠲᠠ ᠶᠢᠨ ᠰᠢᠰᠲ᠋ᠧᠮ ᠲᠠᠢ ᠡᠬᠢᠯᠡᠭᠦᠯᠦᠭᠰᠡᠨ ᠰᠣᠶᠣᠯ ᠤᠨ ᠵᠢᠳᠬᠦᠯᠲᠡᠨ᠂ 《 ᠠᠯᠲᠠᠨᠴᠡᠴᠡᠭ ᠮᠣᠩᠭᠣᠯ ᠤᠷᠲᠤ  ᠶᠢᠨ ᠳᠠᠭᠤᠤ ᠤᠯᠠᠮᠵᠢᠯᠠᠨ ᠰᠤᠷᠭᠠᠬᠤ ᠲᠦᠪ 》 ᠤᠨ ᠬᠦᠬᠡᠨᠠᠭᠤᠷ ᠲᠠᠬᠢ ᠬᠣᠪᠢᠶᠠᠷᠢ ᠠᠩᠬᠢ ᠶᠢᠨ ᠪᠠᠭᠰᠢ᠂ ᠦᠨᠳᠤᠰᠤᠲᠡᠨ ᠤ ᠰᠤᠶᠤᠯ ᠤᠨ ᠠᠵᠢᠯᠯᠠᠭᠠᠨ ᠤ ᠲᠦᠪ ᠤᠨ ᠪᠠᠭᠰᠢ᠂ ᠬᠦᠬᠡᠨᠠᠭᠤᠷ ᠮᠤᠵᠢ ᠶᠢᠨ ᠳᠠᠭᠤᠤ ᠬᠦᠭᠵᠢᠮᠴᠢᠳ ᠤᠨ ᠨᠡᠶᠢᠭᠡᠮᠯᠢᠭ ᠤᠨ ᠬᠡᠰᠢᠬᠦᠨ᠂ ᠬᠠᠶᠢᠰᠢ ᠵᠸᠤ ᠶᠢᠨ ᠳᠠᠭᠤᠤ ᠬᠥᠭᠵᠢᠮᠴᠢᠳ ᠤᠨ ᠨᠡᠶᠢᠭᠡᠮᠯᠢᠭ ᠤᠨ ᠬᠡᠰᠢᠭᠦᠨ ᠵᠡᠷᠭᠡ ᠠᠵᠢᠯ ᠠᠯᠪᠠ ᠲᠠᠢ ᠮᠦᠷᠳᠡᠬᠡᠨ ᠤᠷᠠᠨ ᠪᠦᠳᠤᠭᠡᠯ ᠤᠨ ᠭᠠᠯ ᠠᠶᠠᠨ ᠳ᠋ᠠᠭᠠᠨ ᠲᠠᠰᠤᠷᠠᠯᠳᠡ ᠦᠭᠡᠢ ᠰᠢᠮᠳᠠᠵᠤ ᠶᠠᠪᠤᠭ᠎ᠠ ᠰᠤᠳᠤᠨ ᠳᠠᠭᠤᠴᠢᠨ ᠪᠢᠯᠡ᠃ 2010 ᠣᠨ ᠳᠤ ᠲᠥᠪ ᠲᠧᠯᠸᠢᠰ ᠦᠨ 《 ᠳᠤᠮᠳᠠᠳᠤ ᠤᠯᠤᠰ ᠤᠨ ᠠᠷᠠᠳ ᠤᠨ ᠳᠠᠭᠤᠤ 》 ᠫᠷᠦᠭᠷᠡᠮ ᠳᠤ ᠣᠷᠣᠯᠴᠠᠨ ᠳᠡᠭᠡᠳᠦ ᠮᠣᠩᠭᠣᠯ ᠨᠤᠲᠤᠭ ᠤᠨ ᠢᠶᠠᠨ ᠠᠷᠠᠳ ᠤᠨ ᠳᠠᠭᠤᠤ ᠶᠢ ᠳᠠᠭᠤᠯᠠᠵᠤ᠂ ᠦᠵᠡᠭᠴᠢᠳ ᠦᠨ ᠢᠶᠡᠨ ᠬᠠᠶᠢᠷ᠎ᠠ ᠬᠦᠨᠳᠦᠳᠬᠡᠯ ᠢ ᠣᠯᠵᠤ ᠪᠢᠯᠡ᠃


  

ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ