ᠬᠡᠦᠬᠡᠳ ‍ᠤᠨ ᠳᠠᠭᠤᠤ ᠶ᠋ᠢᠨ ᠡᠭᠦᠯᠡᠨ ᠪᠣᠳᠣᠯᠲᠠ ᠶ᠋ᠢᠨ ᠲᠠᠪᠴᠠᠩ ‍ᠢ ᠪᠦᠲᠦᠭᠡᠨ ᠪᠠᠶᠢᠭᠤᠯᠬᠤ ᠲᠤᠰᠬᠠᠢ ᠮᠡᠷᠭᠡᠵᠢᠯᠲᠡᠳ ‍ᠤᠨ ᠰᠤᠳᠤᠯᠤᠨ ᠶᠠᠷᠢᠯᠴᠠᠬᠤ ᠬᠤᠷᠠᠯ 《 ᠲᠡᠭᠷᠢ ᠲᠠᠯ᠎ᠠ 》 ᠺᠣᠮᠫᠠᠨᠢ ᠳ᠋ᠤ ᠶᠠᠪᠤᠭᠳᠠᠪᠠ

ᠤᠩᠰᠢᠭᠰᠠᠨ ᠤᠳᠠᠭ᠎ᠠ ᠄ 921    ᠨᠡᠶᠢᠳᠡᠯᠡᠭᠰᠡᠨ ᠴᠠᠭ ᠄ 2017-03-14

2017 ᠣᠨ ‍ᠤ 3 ᠰᠠᠷ᠎ᠠ ᠶ᠋ᠢᠨ 12 ᠡᠳᠦᠷ᠂ ᠬᠡᠦᠬᠡᠳ ‍ᠤᠨ ᠳᠠᠭᠤᠤ ᠶ᠋ᠢᠨ ᠡᠭᠦᠯᠡᠨ ᠪᠣᠳᠣᠯᠲᠠ ᠶ᠋ᠢᠨ ᠲᠠᠪᠴᠠᠩ ‍ᠢ ᠪᠦᠲᠦᠭᠡᠨ ᠪᠠᠶᠢᠭᠤᠯᠬᠤ ᠲᠤᠰᠬᠠᠢ ᠮᠡᠷᠭᠡᠵᠢᠯᠲᠡᠳ ‍ᠤᠨ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ ‍ᠤᠨ 《 ᠲᠡᠭᠷᠢ ᠲᠠᠯ᠎ᠠ 》 ᠺᠣᠮᠫᠠᠨᠢ ᠳ᠋ᠤ ᠠᠮᠵᠢᠯᠲᠠ ᠲᠠᠢ ᠶᠠᠪᠤᠭᠳᠠᠪᠠ᠃

ᠬᠤᠷᠠᠯ ᠳ᠋ᠤ ᠥᠪᠥᠷ ᠮᠣᠩᠭᠣᠯ ‍ᠤᠨ ᠤᠷᠠᠯᠢᠭ ‍ᠤᠨ ᠳᠡᠭᠡᠳᠦ ᠰᠤᠷᠭᠠᠭᠤᠯᠢ ᠶ᠋ᠢᠨ ᠫᠷᠦᠹᠸᠰᠰᠣᠷ  ᠪᠦᠲᠦᠭᠡᠯᠲᠦ᠂ ᠮᠣᠩᠭᠣᠯ ᠤᠯᠤᠰ ‍ᠤᠨ ᠰᠣᠶᠣᠯ ᠤᠷᠠᠯᠢᠭ ‍ᠤᠨ ᠶᠡᠬᠡ ᠰᠤᠷᠭᠠᠭᠤᠯᠢ ᠶ᠋ᠢᠨ ᠫᠷᠦᠹᠸᠰᠰᠣᠷ᠂ ᠬᠥᠭᠵᠢᠮ ᠰᠣᠳᠣᠯᠣᠭᠠᠴᠢ ᠯ · ᠡᠷᠳᠡᠨᠢᠴᠢᠮᠡᠭ᠂ ᠮᠠᠨ ‍ᠤ ᠣᠷᠣᠨ ‍ᠤ ᠬᠡᠦᠬᠡᠳ ‍ᠤᠨ ᠳᠠᠭᠤᠤ ᠶ᠋ᠢᠨ ᠠᠶᠯᠭᠤ ᠵᠣᠬᠢᠶᠠᠭᠴᠢ ᠪᠠᠲᠤᠴᠢᠯᠠᠭᠤ᠂ ᠥᠪᠥᠷ ᠮᠣᠩᠭᠣᠯ ‍ᠤᠨ ᠤᠷᠲᠤ ᠶ᠋ᠢᠨ ᠳᠠᠭᠤᠤ ᠤᠷᠠᠯᠢᠭ ᠰᠣᠯᠢᠯᠴᠠᠭ᠎ᠠ ᠰᠤᠳᠤᠯᠭᠠᠨ ‍ᠤ ᠨᠡᠶᠢᠭᠡᠮᠯᠢᠭ ‍ᠤᠨ ᠳᠡᠳ᠋ ᠲᠡᠷᠢᠭᠦᠯᠡᠭᠴᠢ᠂ ᠤᠷᠠᠯᠢᠭ ᠰᠣᠳᠣᠯᠣᠭᠠᠴᠢ ᠰᠦᠮᠪᠦᠷ᠂ ᠥᠪᠥᠷ ᠮᠣᠩᠭᠣᠯ ‍ᠤᠨ 《 ᠲᠡᠭᠷᠢ ᠲᠠᠯ᠎ᠠ 》 ᠺᠣᠮᠫᠠᠨᠢ ᠶ᠋ᠢᠨ ᠵᠠᠬᠢᠷᠤᠯ ᠬᠠᠰᠪᠠᠭᠠᠨ᠎ᠠ᠂ ᠥᠪᠥᠷ ᠮᠣᠩᠭᠣᠯ ‍ᠤᠨ ᠷᠠᠳᠢᠣ᠋ ᠲᠸᠯᠸᠢᠰ ᠬᠣᠷᠢᠶ᠎ᠠ ᠶ᠋ᠢᠨ ᠳᠡᠭᠡᠳᠦ ᠳᠡᠰ ‍ᠤᠨ ᠨᠠᠶᠢᠷᠠᠭᠤᠯᠤᠭᠴᠢ᠂ ᠤᠯᠤᠰ ‍ᠤᠨ ᠨᠢᠭᠡᠳᠦᠭᠡᠷ ᠳᠡᠰ ‍ᠤᠨ ᠬᠥᠭᠵᠢᠮ ‍ᠤᠨ ᠵᠣᠬᠢᠶᠠᠯᠴᠢ ᠷᠠᠸᠠᠳᠢ ᠵᠡᠷᠭᠡ ᠠᠷᠪᠠ ᠭᠠᠷᠤᠢ ᠲᠤᠰᠬᠠᠢ ᠮᠡᠷᠭᠡᠵᠢᠯᠲᠡᠨ ᠣᠷᠣᠯᠴᠠᠵᠤ᠂ ᠮᠣᠩᠭᠣᠯ ᠦᠨᠳᠦᠰᠦᠲᠡᠨ ‍ᠤ ᠬᠡᠦᠬᠡᠳ ‍ᠤᠨ ᠳᠠᠭᠤᠤ ᠶ᠋ᠢᠨ ᠡᠬᠢ ᠪᠠᠶᠠᠯᠢᠭ ‍ᠢ ᠡᠮᠬᠢᠳᠬᠡᠨ ᠴᠤᠭᠯᠠᠭᠤᠯᠬᠤ᠂ ᠰᠢᠩᠭᠡᠭᠡᠨ ᠦᠢᠯᠡᠳᠬᠦ᠂ ᠬᠡᠦᠬᠡᠳ ‍ᠤᠨ ᠳᠠᠭᠤᠤ ᠶ᠋ᠢᠨ ᠡᠭᠦᠯᠡᠨ ᠪᠣᠳᠣᠯᠲᠠ ᠶ᠋ᠢᠨ ᠲᠠᠪᠴᠠᠩ ‍ᠢ ᠪᠦᠲᠦᠭᠡᠨ ᠪᠠᠶᠢᠭᠤᠯᠬᠤ ᠲᠤᠬᠠᠢ ᠰᠠᠨᠠᠯ ᠪᠣᠳᠣᠯ ᠢᠶᠡᠨ ᠰᠣᠯᠢᠯᠴᠠᠭᠰᠠᠨ ᠪᠠᠶᠢᠨ᠎ᠠ᠃

ᠥᠪᠥᠷ ᠮᠣᠩᠭᠣᠯ ‍ᠤᠨ ᠲᠡᠭᠷᠢ ᠲᠠᠯ᠎ᠠ ᠳᠠᠭᠤᠤ ᠬᠥᠭᠵᠢᠮ ‍ᠤᠨ ᠰᠦᠯᠵᠢᠶ᠎ᠡ ᠪᠣᠯᠣᠨ ᠥᠪᠥᠷ ᠮᠣᠩᠭᠣᠯ ‍ᠤᠨ ᠤᠷᠠᠯᠢᠭ ‍ᠤᠨ ᠳᠡᠭᠡᠳᠦ ᠰᠤᠷᠭᠠᠭᠤᠯᠢ ᠬᠠᠮᠵᠢᠯᠴᠠᠨ᠂ ᠳᠤᠮᠳᠠᠳᠤ ᠮᠣᠩᠭᠣᠯ ᠬᠣᠶᠠᠷ ᠤᠯᠤᠰ ‍ᠤᠨ ᠤᠷᠠᠯᠢᠭ ᠰᠣᠳᠣᠯᠣᠭᠠᠴᠢᠳ ‍ᠤᠨ ᠰᠢᠯᠢᠳᠡᠭ ᠡᠩᠨᠡᠭᠡ ᠶ᠋ᠢ ᠵᠣᠬᠢᠶᠠᠨ ᠪᠠᠶᠢᠭᠤᠯᠵᠤ᠂ ᠮᠣᠩᠭᠣᠯ ᠦᠨᠳᠦᠰᠦᠲᠡᠨ ‍ᠤ ᠬᠡᠦᠬᠡᠳ ‍ᠤᠨ ᠳᠠᠭᠤᠤ ᠶ᠋ᠢᠨ ᠡᠬᠢ ᠪᠠᠶᠠᠯᠢᠭ ‍ᠢ ᠰᠢᠰᠲ᠋ᠸᠮ ᠲᠠᠢ ᠡᠮᠬᠢᠳᠬᠡᠨ ᠴᠤᠭᠯᠠᠭᠤᠯᠵᠤ᠂ ᠡᠭᠦᠯᠡᠨ ᠪᠣᠳᠣᠯᠭ᠎ᠠ᠂ ᠢᠨᠲ᠋ᠸᠷᠨ᠋ᠸᠲ ᠰᠦᠯᠵᠢᠶ᠎ᠡ᠂ ᠣᠳᠣᠬᠢᠴᠢᠯᠠᠭᠰᠠᠨ ᠳᠠᠭᠤᠤ ᠬᠥᠭᠵᠢᠮ ᠵᠣᠬᠢᠶᠠᠨ ᠪᠦᠲᠦᠭᠡᠬᠦ ᠮᠡᠷᠭᠡᠵᠢᠯ ᠪᠣᠯᠣᠨ ᠲᠣᠭᠠᠴᠢᠯᠠᠭᠰᠠᠨ ᠮᠡᠷᠭᠡᠵᠢᠯ ‍ᠢ ᠠᠰᠢᠭᠯᠠᠨ 600 ᠳᠠᠭᠤᠤ ᠶ᠋ᠢᠨ ᠡᠬᠢ ᠪᠠᠶᠠᠯᠢᠭ ᠲᠠᠢ ᠬᠣᠲᠣᠮ ᠮᠣᠩᠭᠣᠯ ᠦᠰᠦᠭ ‍ᠤᠨ ᠡᠭᠦᠯᠡᠨ ᠪᠤᠳᠤᠯᠲᠠ ᠶ᠋ᠢᠨ ᠲᠠᠪᠴᠠᠩ ‍ᠢ ᠪᠦᠲᠦᠭᠡᠨ ᠪᠠᠶᠢᠭᠤᠯᠵᠤ᠂ ᠬᠡᠦᠬᠡᠳ ‍ᠤᠨ ᠳᠠᠭᠤᠤ ᠬᠥᠭᠵᠢᠮ ‍ᠤᠨ ᠰᠢᠯᠢᠳᠡᠭ ᠥᠪ ‍ᠢ ᠤᠯᠠᠮᠵᠢᠯᠠᠨ ᠬᠠᠮᠠᠭᠠᠯᠠᠬᠤ ᠬᠢᠭᠡᠳ ᠦᠨᠳᠦᠰᠦᠲᠡᠨ ‍ᠤ ᠰᠣᠶᠣᠯ ‍ᠤᠨ ᠣᠨᠴᠠᠯᠢᠭ ᠲᠠᠢ ᠰᠤᠷᠭᠠᠨ ᠬᠥᠮᠥᠵᠢᠯ ‍ᠤᠨ ᠬᠣᠣᠰ ᠠᠮᠵᠢᠯᠲᠠᠲᠤ ᠬᠥᠭᠵᠢᠯᠲᠡ ᠶ᠋ᠢᠨ ᠰᠢᠨ᠎ᠡ ᠬᠡᠯᠪᠡᠷᠢ ᠶ᠋ᠢ ᠡᠭᠦᠳᠦᠨ᠂ ᠪᠦᠬᠦ ᠳᠡᠯᠡᠬᠡᠢ ᠶ᠋ᠢᠨ ᠮᠣᠩᠭᠣᠯ ᠲᠤᠭᠤᠷᠭᠠᠲᠠᠨ ‍ᠤ ᠬᠡᠦᠬᠡᠳ ᠲᠡᠭᠦᠦᠨᠡᠷ ᠲᠤ ᠪᠠᠨ ᠮᠣᠩᠭᠣᠯ ᠳᠠᠭᠤᠤ ᠬᠥᠭᠵᠢᠮ ‍ᠤᠨ ᠰᠣᠶᠣᠯ ‍ᠢ ᠰᠣᠨᠢᠷᠬᠠᠬᠤ᠂ ᠰᠤᠷᠤᠯᠴᠠᠬᠤ ᠳ᠋ᠤ ᠳᠦᠭᠦᠮᠬᠡᠨ ᠡᠭᠦᠯᠡᠨ ᠪᠣᠳᠣᠯᠲᠠ ᠶ᠋ᠢᠨ ᠲᠠᠪᠴᠠᠩ ‍ᠢ ᠬᠠᠩᠭᠠᠬᠤ ᠪᠠᠷ ᠪᠠᠶᠢᠭ᠎ᠠ ᠠᠵᠠᠢ᠃

ᠬᠤᠷᠠᠯ ‍ᠤᠨ ᠳᠠᠷᠠᠭ᠎ᠠ ᠲᠤᠰᠬᠠᠢ ᠮᠡᠷᠭᠡᠵᠢᠯᠲᠡᠳ ᠲᠡᠭᠷᠢ ᠲᠠᠯ᠎ᠠ ᠰᠢᠨ᠎ᠡ ᠵᠠᠭᠤᠴᠢᠯᠠᠭᠤᠷ ‍ᠤᠨ ᠣᠶᠤᠨᠴᠢᠯᠠᠭᠰᠠᠨ ᠫᠷᠦᠭᠷᠡᠮ ‍ᠤᠨ ᠦᠢᠯᠡᠴᠢᠯᠡᠭᠡᠨ ‍ᠤ ᠲᠢᠩᠬᠢᠮ᠂ ᠳᠠᠭᠤᠤ ᠬᠥᠭᠵᠢᠮ ‍ᠤᠨ ᠪᠢᠴᠢᠯᠭᠡ ᠶ᠋ᠢᠨ ᠲᠢᠩᠭᠢᠮ᠂ ᠭᠡᠷᠡᠯ ᠵᠢᠷᠤᠭ ‍ᠤᠨ ᠲᠢᠩᠬᠢᠮ ᠬᠢᠭᠡᠳ ᠣᠯᠠᠨ ᠴᠢᠳᠠᠮᠵᠢᠲᠤ ᠪᠣᠯᠪᠠᠰᠤᠷᠠᠯ ‍ᠤᠨ ᠲᠢᠩᠭᠢᠮ ‍ᠢ ᠲᠣᠭᠣᠷᠢᠨ ᠦᠵᠡᠵᠦ᠂ ᠡᠵᠡᠩᠨᠡᠯᠲᠡ᠂ ᠪᠦᠲᠦᠭᠡᠨ ᠪᠠᠶᠢᠭᠤᠯᠤᠯᠤᠲᠠ ᠶ᠋ᠢᠨ ᠲᠠᠯ᠎ᠠ ᠪᠠᠷ ᠥᠨᠳᠥᠷ ᠦᠨᠡᠯᠡᠭᠡ ᠥᠭᠭᠥᠭᠰᠡᠨ ᠪᠠᠶᠢᠯ᠎ᠠ᠃






ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄