ᠵᠠᠯᠠᠭᠤ ᠳᠠᠭᠤᠴᠢᠨ ᠵᠣᠯ

ᠤᠩᠰᠢᠭᠰᠠᠨ ᠤᠳᠠᠭ᠎ᠠ ᠄ 1167    ᠨᠡᠶᠢᠳᠡᠯᠡᠭᠰᠡᠨ ᠴᠠᠭ ᠄ 2017-04-05

      ᠵᠣᠯ᠂ ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤ ᠪᠠᠷ ᠨᠤᠲᠤᠭ ᠲᠠᠢ᠂ ᠣᠶᠤᠲᠠᠨ ᠳᠠᠭᠤᠴᠢᠨ᠂ ᠢᠷᠠᠭᠤ ᠨᠠᠶᠢᠷᠠᠭᠴᠢ᠃ ᠤᠳᠤ ᠥᠪᠦᠷ ᠮᠤᠩᠭᠤᠯ ᠤᠨ ᠶᠡᠬᠡ ᠰᠤᠷᠭᠠᠭᠤᠯᠢ ᠳ᠋ᠤ ᠨᠡᠪᠲᠡᠷᠡᠭᠦᠯᠦᠭᠴᠢ ᠬᠥᠲᠦᠯᠦᠭᠴᠢ ᠶᠢᠨ ᠮᠡᠷᠭᠡᠵᠢᠯ  ᠢᠶᠠᠷ ᠰᠤᠷᠤᠯᠴᠠᠵᠦ ᠪᠤᠢ᠃ ᠳᠠᠭᠤᠤ ᠬᠥᠭᠵᠢᠮ᠂ ᠢᠷᠠᠭᠤ ᠨᠠᠶᠢᠷᠠᠭ ᠨᠢ ᠲᠡᠭᠦᠨ ‍ᠣ ᠰᠣᠷᠣᠯᠭ᠎ᠠ ᠶᠢᠨ ᠴᠢᠯᠦᠭᠡᠨ ‍ᠣ ᠳᠣᠷ᠎ᠠ ᠪᠠᠬ᠎ᠠ ᠪᠠᠶᠢᠯ᠎ᠠ᠃ ᠤᠷᠠᠯᠢᠭᠴᠢᠨ ᠪᠤᠯᠬᠤ ᠬᠦᠰᠡᠯ ᠦᠨ ᠢᠶᠡᠨ ᠲᠥᠯᠦᠭᠡ ᠲᠠᠰᠤᠷᠠᠯᠲᠠ ᠦᠭᠡᠢ ᠮᠡᠷᠡᠶᠢᠨ ᠴᠢᠷᠮᠠᠶᠢᠵᠦ᠂ ᠤᠳᠤ ᠪᠤᠯᠬᠤ ᠳ᠋ᠤ ᠬᠤᠷᠢ ᠰᠢᠬᠠᠮ ᠳᠠᠭᠤᠤ  ᠶᠢᠨ ᠦᠭᠡ ᠶᠢᠨ ᠪᠥᠲᠦᠭᠡᠯ ᠪᠤᠯᠤᠨ ᠰᠢᠯᠦᠭ ᠦᠨ ᠪᠦᠲᠦᠭᠡᠯ ᠲᠠᠢ ᠪᠣᠯᠵᠠᠢ᠃ ᠲᠡᠶᠢᠨ ᠬᠦ ᠳᠠᠭᠤᠤ᠂ ᠰᠢᠯᠦᠭ ᠤᠨ ᠲᠡᠮᠡᠴᠡᠭᠡᠨ ᠳ᠋ᠦ ᠣᠯᠠᠨ ᠤᠳᠠᠭ᠎ᠠ ᠱᠠᠩᠨᠠᠯ ᠠᠪᠤᠭᠰᠠᠨ ᠰᠠᠶᠢᠬᠠᠨ ᠲᠡᠦᠬᠡ ᠲᠠᠢ᠃

           


ᠢᠷᠡᠯᠳᠡ᠄ ᠲᠡᠭᠷᠢ ᠲᠠᠯ᠎ᠠ ᠳᠠᠭᠤᠤ ᠬᠥᠭᠵᠢᠮ ᠦᠨ ᠰᠦᠯᠵᠢᠶ᠎ᠡ ᠬᠠᠷᠢᠭᠤᠴᠠᠭᠰᠠᠨ ᠨᠠᠶᠢᠷᠠᠭᠤᠯᠤᠭᠴᠢ ᠄ ᠨᠠᠪᠴᠢ