ᠦᠨᠡᠨ ᠰᠠᠶᠢᠨ ᠰᠠᠶᠢᠬᠠᠨ ᠢᠶᠠᠷ ᠦᠪᠡᠷ ᠢ ᠪᠠᠨ ᠦᠷᠬᠦᠯᠵᠢ ᠱᠠᠭᠠᠷᠳᠠᠬᠤ ᠬᠡᠷᠡᠭᠳᠡᠢ

ᠤᠩᠰᠢᠭᠰᠠᠨ ᠤᠳᠠᠭ᠎ᠠ ᠄ 2091    ᠨᠡᠶᠢᠳᠡᠯᠡᠭᠰᠡᠨ ᠴᠠᠭ ᠄ 2017-03-09

ᠦᠨᠡᠨ ᠰᠠᠶᠢᠨ ᠰᠠᠶᠢᠬᠠᠨ ᠢᠶᠠᠷ ᠦᠪᠡᠷ ᠢ ᠪᠠᠨ ᠦᠷᠬᠦᠯᠵᠢ ᠱᠠᠭᠠᠷᠳᠠᠬᠤ ᠬᠡᠷᠡᠭᠳᠡᠢ

      — 《ᠤᠷᠬᠢᠯᠤᠮ᠎ᠠ ᠬᠠᠯᠠᠭᠤᠨ ᠰᠡᠳᠬᠢᠯ ᠢᠶᠠᠷ ᠴᠢᠷᠮᠠᠶᠢᠨ ᠲᠡᠮᠡᠴᠡᠵᠤ ᠵᠠᠯᠠᠭᠤ ᠨᠠᠰᠤᠨ ᠤ ᠭᠡᠷᠡᠯ ᠬᠢᠯᠪᠠᠭ᠎ᠠ ᠪᠠᠨ ᠰᠠᠴᠤᠷᠠᠭᠤᠯᠬᠤ 》 ᠲᠤᠬᠠᠢ ᠬᠤᠶᠠᠷᠲᠠ ᠦᠬᠦᠯᠡᠬᠦ ᠨᠢ        

《ᠦᠷᠬᠡᠨ ᠤᠯᠠᠨ ᠵᠠᠯᠠᠭᠤᠴᠤᠳ ᠴᠦᠮ ᠬᠠᠰ ᠡᠷᠳᠡᠨᠢ ᠮᠥᠨ᠂ ᠡᠷᠬᠡᠪᠰᠢ ᠴᠠᠭ ᠦᠷᠬᠦᠯᠵᠢ ᠦᠨᠡᠨ ᠰᠠᠶᠢᠨ ᠰᠠᠶᠢᠬᠠᠨ ᠢᠶᠠᠷ ᠦᠪᠡᠷ ᠢ ᠪᠠᠨ ᠱᠠᠭᠠᠷᠳᠠᠵᠥ᠂ ᠡᠷᠬᠢᠮ ᠲᠡᠬᠡᠳᠤ ᠬᠡᠪ ᠰᠤᠷᠳᠠᠯ ᠪᠤᠯᠤᠨ ᠡᠬᠡᠯ ᠪᠤᠷᠤᠭᠵᠢᠭᠤᠨ ᠬᠠᠶᠢᠷ᠎ᠠ ᠰᠡᠳᠬᠢᠯᠬᠡ ᠶᠢ ᠲᠠᠰᠤᠷᠠᠯᠳᠡ ᠦᠭᠡᠢ ᠪᠤᠢ ᠪᠤᠯᠭᠠᠵᠥ᠂ ᠦᠪᠡᠷ ᠢ ᠪᠠᠨ ᠡᠷᠬᠢᠮ ᠲᠡᠭᠡᠳᠤ ᠬᠦᠮᠥᠨ ᠪᠤᠯᠭᠠᠬᠤ ᠪᠠᠷ ᠴᠢᠷᠮᠠᠶᠢᠬᠤ ᠬᠡᠷᠡᠭᠳᠡᠢ 》᠃ ᠲᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠤᠩᠬᠡᠢ ᠱᠦᠵᠢ ᠰᠢ ᠶᠢᠨ ᠫᠢᠩ ᠬᠦᠨ ᠰᠡᠳᠬᠢᠯᠬᠡ ᠲᠠᠢ ᠪᠠᠷ ᠵᠠᠯᠠᠭᠤᠴᠤᠳ ᠲᠤ ᠨᠠᠶᠢᠳᠠᠯᠭ᠎ᠠ ᠲᠠᠯᠪᠢᠵᠥ᠂ ᠤᠯᠠᠨ ᠢ ᠦᠬᠡᠳᠡᠯᠡᠨ ᠲᠠᠪᠰᠢᠵᠥ᠂ ᠵᠠᠩ ᠠᠭᠠᠯᠢ ᠪᠠᠨ ᠬᠦᠮᠥᠵᠢᠬᠦᠯᠵᠥ᠂ ᠵᠤᠷᠢᠭ ᠰᠢᠭᠤᠳᠴᠦ ᠪᠠᠶᠢᠭᠠᠳ ᠡᠷᠬᠢᠮ ᠲᠡᠭᠡᠳᠤ ᠬᠠᠶᠢᠷ᠎ᠠ ᠰᠡᠳᠬᠢᠯᠬᠡ ᠶᠢ ᠪᠦᠷᠢᠯᠳᠦᠬᠦᠯᠬᠦ ᠬᠡᠷᠡᠭᠳᠡᠢ ᠬᠡᠵᠥ ᠵᠤᠷᠢᠬᠵᠢᠭᠤᠯᠪᠠ᠃ ᠲᠤᠳᠤᠨᠤ ᠨᠠᠶᠢᠳᠠᠯᠭ᠎ᠠ᠂ ᠨᠠᠨᠳᠢᠨ ᠬᠦᠰᠡᠯ ᠡᠷᠡᠮᠡᠯᠵᠡᠯ ᠨᠢ ᠦᠷᠬᠡᠨ ᠤᠯᠠᠨ ᠵᠠᠯᠠᠭᠤᠴᠤᠳ ᠤᠨ ᠲᠤᠮᠳᠠ ᠴᠢᠩᠭ᠎ᠠ ᠲᠤᠰᠬᠠᠯ ᠭᠠᠷᠪᠠ᠃    

ᠦᠨᠡᠨ ᠰᠠᠶᠢᠨ ᠰᠠᠶᠢᠬᠠᠨ ᠪᠠᠶᠢᠬᠤ ᠪᠤᠯ ᠬᠦᠮᠥᠨ ᠲᠦᠷᠦᠯᠬᠢᠳᠡᠨ ᠤ ᠪᠤᠯᠪᠠᠰᠤᠨ ᠤ ᠦᠨᠳᠦᠰᠦᠨ ᠠᠭᠤᠯᠬᠤᠨ ᠮᠥᠨ᠂ ᠠᠷᠠᠳ ᠢᠷᠬᠡᠳ ᠤᠨ ᠬᠦᠭᠡᠭᠡᠴᠡᠯᠳᠤᠬᠦ ᠦᠨᠳᠦᠰᠦᠨ ᠦᠷᠳᠡᠭ ᠮᠥᠨ᠂ ᠨᠡᠶᠢᠭᠡᠮ ᠤᠨ ᠲᠠᠪᠰᠢᠯᠳᠠ ᠶᠢᠨ ᠦᠨᠳᠦᠰᠦᠨ ᠪᠠᠷᠢᠮᠵᠢᠶ᠎ᠠ ᠮᠥᠨ᠃ ᠦᠨᠡᠨ ᠰᠠᠶᠢᠨ ᠰᠠᠶᠢᠬᠠᠨ ᠠᠵᠢᠯᠯᠠᠭ᠎ᠠ ᠨᠢ ᠬᠦᠮᠥᠰ ᠤᠨ ᠰᠡᠳᠬᠢᠯ ᠢ ᠬᠠᠮᠤᠭ ᠠᠴᠠ ᠢᠯᠡᠬᠦᠤ ᠬᠦᠳᠡᠯᠬᠡᠳᠡᠭ᠂ ᠦᠨᠡᠨ ᠰᠠᠶᠢᠨ ᠰᠠᠶᠢᠬᠠᠨ ᠤ ᠦᠷᠳᠡᠭ ᠨᠢ ᠬᠦᠮᠥᠰ ᠢ ᠬᠠᠮᠤᠭ ᠤᠨ ᠢᠯᠡᠬᠦᠤ ᠤᠶᠠᠷᠠᠭᠤᠯᠵᠤ ᠨᠦᠯᠦᠭᠡᠯᠡᠳᠡᠭ ᠶᠤᠮ᠃ ᠨᠡᠶᠢᠳᠡ ᠶᠢᠨ ᠮᠠᠰᠢᠨ ᠲᠡᠷᠭᠡᠨ ᠲᠡᠭᠡᠷ᠎ᠡ᠂ 《 90 ᠤᠨ ᠠᠴᠠ ᠬᠤᠶᠢᠰᠢ ᠲᠦᠷᠦᠭᠰᠡᠡ 》 ᠡᠮᠡᠭᠳᠡᠢ ᠰᠤᠪᠢᠯᠠᠭᠴᠢ ᠭᠠᠵᠠᠷ ᠰᠦᠬᠦᠳᠤᠨ ᠵᠢᠷᠦᠬᠡᠨ ᠴᠤᠬᠢᠯᠭ᠎ᠠ ᠨᠢ ᠭᠡᠨᠡᠳᠳᠡ ᠵᠤᠭᠰᠤᠭᠰᠠᠠ ᠨᠠᠰᠤᠳᠠᠨ ᠢ ᠠᠪᠤᠷᠠᠪᠠ︔ᠠᠶᠤᠯ ᠲᠦᠭᠰᠢᠬᠦᠷᠢᠳᠡᠢ ᠴᠠᠭ ᠮᠦᠴᠡ ᠳᠤ᠂ ᠡᠮᠡᠭᠳᠡᠢ ᠪᠠᠭᠰᠢ ᠠᠮᠢ ᠪᠡᠶ᠎ᠡ ᠪᠠᠨ ᠬᠠᠶᠢᠬᠤᠷᠤᠯ ᠦᠭᠡᠢ ᠪᠠᠷ ᠰᠤᠷᠤᠭᠴᠢᠳ ᠢᠶᠠᠨ ᠠᠪᠤᠷᠠᠪᠠ ᠁ ᠠᠮᠢᠳᠤᠷᠠᠯ ᠲᠤᠮᠳᠠ᠂ ᠠᠯᠢ ᠤᠯᠠᠨ ᠵᠠᠯᠠᠭᠤᠴᠤᠳ ᠪᠡᠶ᠎ᠠ ᠪᠠᠷ ᠢᠶᠠᠨ ᠦᠨᠡᠨ ᠰᠠᠶᠢᠨ ᠰᠠᠶᠢᠬᠠᠨ ᠬᠦᠴᠦᠨ ᠢ ᠲᠠᠮᠵᠢᠭᠤᠯᠪᠠ᠃ ᠤᠳᠤ ᠦᠶ᠎ᠡ ᠶᠢᠨ ᠵᠠᠯᠠᠭᠤᠴᠤᠳ ᠤᠷᠬᠢᠯᠤᠮ᠎ᠠ ᠬᠠᠯᠠᠭᠤᠨ ᠰᠡᠳᠬᠢᠯ ᠢᠶᠠᠷ ᠴᠢᠷᠮᠠᠶᠢᠨ ᠲᠡᠮᠡᠴᠡᠬᠦ ᠳᠤᠮᠳᠠ ᠵᠠᠯᠠᠭᠤ ᠨᠠᠰᠤᠨ ᠤ ᠬᠡᠷᠡᠯ ᠬᠢᠯᠪᠠᠭ᠎ᠠ ᠪᠠᠨ ᠰᠠᠴᠤᠷᠠᠭᠤᠯᠪᠠᠯ ᠵᠠᠯᠠᠭᠤ ᠨᠠᠰᠤ ᠨᠢ ᠯᠠᠪᠳᠠᠢ ᠦᠨᠡᠨ ᠰᠠᠶᠢᠨ ᠰᠠᠶᠢᠬᠠᠨ ᠤ ᠦᠩᠭᠡ ᠭᠡᠷᠡᠯ ᠲᠠᠢ ᠪᠤᠯᠬᠤ ᠶᠤᠮ᠃    

ᠦᠨᠡᠨ ᠰᠠᠶᠢᠨ ᠰᠠᠶᠢᠬᠠᠨ ᠢ ᠬᠦᠬᠡᠬᠡᠴᠡᠯᠳᠤᠬᠦ ᠳᠤ ᠬᠠᠳᠠᠭᠤᠵᠢᠯᠳᠠᠢ ᠰᠤᠷᠤᠯᠴᠠᠬᠤ ᠪᠠᠷ ᠰᠠᠭᠤᠷᠢ ᠪᠤᠯᠭᠠᠬᠤ ᠬᠡᠷᠡᠭᠳᠠᠢ᠃ ᠶᠡᠷᠤᠩᠬᠡᠢ ᠱᠦᠵᠢ ᠰᠢ ᠶᠢᠨ ᠫᠢᠩ ᠦᠬᠡ ᠦᠨᠡᠨᠴᠢ ᠰᠡᠳᠬᠢᠯᠬᠡ ᠬᠦᠨ ᠢᠶᠠᠷ᠄ 《 ᠵᠠᠯᠠᠭᠤᠴᠤᠳ ᠠᠮᠢᠳᠤᠷᠠᠯ ᠤᠨ ᠲᠤᠷᠰᠢᠯᠭ᠎ᠠ ᠬᠤᠷᠠᠮᠳᠤᠭᠤᠯᠬᠤ ᠱᠠᠳᠤᠨ ᠳᠠᠭᠠᠨ ᠪᠠᠶᠢᠬᠤ ᠪᠤᠯᠬᠤᠷ ᠬᠠᠶᠢᠮᠢᠶᠠᠨ ᠤᠰᠤ ᠰᠢᠩᠬᠡᠬᠡᠬᠦ‍ ᠰᠢᠭ ᠢᠶᠠᠷ ᠡᠷᠳᠡᠮ ᠮᠡᠳᠡᠯᠬᠡ ᠶᠢ ᠰᠢᠩᠬᠡᠭᠡᠵᠦ ᠠᠪᠬᠤ ᠬᠡᠷᠡᠭᠳᠡᠢ 》 ᠬᠡᠵᠥ ᠴᠢᠬᠤᠯᠠᠴᠢᠯᠠᠪᠠ᠃ ᠬᠦᠮᠥᠨ ᠤ ᠨᠢᠬᠡ ᠨᠠᠰᠤᠨ ᠳᠤ ᠵᠠᠯᠠᠭᠤ ᠨᠠᠰᠤ ᠨᠢᠬᠡ ᠯᠠ ᠤᠳᠠᠭ᠎ᠠ ᠪᠠᠶᠢᠳᠠᠭ᠃ ᠵᠠᠯᠠᠭᠤ ᠨᠠᠰᠤ ᠠᠬᠢᠭᠠᠳ ᠤᠯᠳᠠᠬᠤ ᠦᠭᠡᠢ ᠲᠤᠯᠠ ᠵᠠᠯᠠᠭᠤᠴᠤᠳ ᠴᠠᠭ ᠮᠦᠴᠡ ᠶᠢ ᠠᠯᠳᠠᠯ ᠦᠭᠡᠢ ᠴᠢᠷᠮᠡᠶᠢᠵᠥ᠂ ᠰᠢᠨᠳᠠᠷᠠᠰᠢ ᠦᠭᠡᠢ ᠰᠤᠷᠤᠯᠴᠠᠵᠥ᠂ ᠤᠬᠠᠮᠰᠠᠷ ᠠᠴᠠ ᠪᠠᠨ ᠡᠷᠳᠡᠮ ᠮᠡᠳᠡᠯᠬᠡ ᠰᠤᠷᠬᠤ ᠶᠢ ᠨᠢᠬᠡ ᠵᠦᠢᠯ ᠤᠨ ᠠᠮᠢᠳᠤᠷᠠᠯ ᠤᠨ ᠠᠷᠭ᠎ᠠ ᠬᠡᠯᠪᠡᠷᠢ ᠪᠤᠯᠭᠠᠬᠤ ᠬᠡᠷᠡᠭᠳᠡᠢ᠃    

ᠦᠨᠡᠨ ᠰᠠᠶᠢᠨ ᠰᠠᠶᠢᠬᠠᠨ ᠢ ᠬᠦᠭᠡᠭᠡᠴᠡᠯᠳᠦᠬᠦ ᠳᠤ ᠤᠯᠠᠨ ᠰᠡᠳᠬᠢᠬᠦ ᠬᠡᠷᠡᠭᠳᠠᠢ᠃ ᠰᠡᠳᠬᠢᠬᠦ ᠴᠢᠭᠯᠡᠯ ᠵᠦᠪ ᠪᠤᠯᠪᠠᠯ ᠬᠡᠳᠤᠢ ᠠᠯᠤᠰ ᠬᠤᠯᠠ ᠶᠢᠨ ᠬᠠᠷᠠᠯᠳᠠ ᠪᠠᠶᠢᠭᠰᠠᠠ ᠴᠦ ᠬᠦᠷᠴᠦ ᠴᠢᠳᠠᠨ᠎ᠠ︔ ᠰᠡᠳᠬᠢᠬᠦ ᠠᠷᠭ᠎ᠠ ᠪᠤᠷᠤᠭᠤᠳᠠᠪᠠᠯ ᠨᠢᠳᠤᠨ ᠡᠮᠤᠨᠡᠬᠢ ᠶᠠᠭᠤᠮ᠎ᠠ ᠪᠠᠨ ᠴᠦ ᠲᠤᠳᠤᠷᠬᠠᠢ ᠦᠵᠡᠵᠥ ᠲᠡᠶᠢᠯᠬᠦ ᠦᠭᠡᠢ ᠶᠤᠮ᠃ ᠵᠠᠯᠠᠭᠤᠴᠤᠳ ᠤᠨ ᠬᠡᠪᠰᠢᠬᠦ ᠴᠢᠨᠠᠷ ᠴᠢᠩᠭ᠎ᠠ ᠪᠠᠶᠢᠵᠤ᠂ ᠰᠡᠳᠬᠢᠬᠦ ᠠᠷᠭ᠎ᠠ ᠪᠠᠨ ᠪᠤᠯᠪᠠᠰᠤᠷᠠᠭᠤᠯᠬᠤ᠂ ᠰᠡᠳᠬᠢᠬᠦ ᠴᠢᠳᠠᠪᠤᠷᠢ ᠪᠠᠨ ᠬᠦᠮᠥᠵᠢᠬᠦᠯᠬᠦ ᠵᠠᠩᠬᠢᠯᠠᠭ᠎ᠠ ᠶᠢᠨ ᠬᠤᠭᠤᠴᠠᠭᠠᠨ ᠳᠤ ᠪᠠᠶᠢᠬᠤ ᠲᠤᠯᠠ ᠶᠠᠭᠠᠬᠢᠭᠰᠠᠠ ᠴᠦ ᠦᠪᠡᠷ ᠢ ᠪᠠᠨ ᠲᠤᠷ᠎ᠡ ᠪᠠᠷ ᠨᠢ ᠲᠠᠯᠪᠢᠵᠥ᠂ ᠴᠠᠭ ᠢ ᠲᠠᠯᠠᠭᠠᠷ ᠦᠩᠬᠡᠷᠡᠭᠡᠵᠥ ᠪᠤᠯᠬᠤ ᠦᠭᠡᠢ᠃ ᠰᠢᠨ᠎ᠡ ᠬᠡᠷᠡᠭ ᠪᠤᠳᠠᠰ ᠲᠤ ᠴᠠᠭ ᠢᠮᠠᠬᠳᠠ ᠰᠡᠷᠬᠡᠭ ᠪᠠᠶᠢᠵᠥ᠂ ᠰᠡᠳᠬᠢᠨ ᠪᠤᠳᠤᠬᠤ ᠶᠢ ᠰᠤᠷᠤᠯᠴᠠᠯᠭ᠎ᠠ᠂ ᠠᠵᠢᠬᠯᠠᠯᠳᠠ᠂ ᠦᠢᠯᠡᠳᠦᠯᠬᠡ ᠶᠢ ᠬᠤᠯᠪᠤᠬᠤ ᠭᠤᠤᠯ ᠰᠢᠵᠢᠮ ᠪᠤᠯᠭᠠᠵᠥ᠂ ᠦᠵᠡᠯ ᠰᠠᠨᠠᠭᠠᠨ ᠤ ᠬᠦᠴᠦᠨ ᠢᠶᠠᠷ ᠰᠢᠨ᠎ᠡ ᠶᠢ ᠡᠬᠦᠳᠬᠦ ᠡᠰ ᠢᠶᠠᠨ ᠬᠦᠭᠵᠢᠭᠡᠬᠦ ᠬᠡᠷᠡᠭᠳᠡᠢ︔ᠤᠷᠳᠤ ᠤᠳᠠᠭᠠᠨ ᠢᠶᠠᠷ ᠪᠠᠷᠢᠮᠳᠠᠯᠠᠵᠥ᠂ ᠲᠡᠤᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠳᠤ ᠰᠡᠳᠬᠢᠬᠦᠢ᠂ ᠰᠢᠨ᠎ᠡ ᠶᠢ ᠡᠬᠦᠳᠬᠦ ᠰᠡᠳᠬᠢᠬᠦᠢ ᠶᠢ ᠬᠦᠮᠥᠵᠢᠬᠦᠯᠥᠨ ᠰᠠᠶᠢᠳᠤᠷ ᠬᠡᠷᠡᠭᠯᠡᠵᠥ ᠴᠢᠳᠠᠪᠠᠯ ᠶᠠᠮᠠᠷ ᠬᠦᠴᠢᠷ ᠠᠰᠠᠭᠤᠳᠠᠯ ᠢ ᠴᠦ ᠰᠢᠢᠳᠪᠤᠷᠢᠯᠡᠵᠥ᠂ ᠶᠠᠮᠠᠷ ᠠᠮᠵᠢᠯᠳᠠ ᠶᠢ ᠴᠦ ᠤᠯᠵᠥ ᠴᠢᠳᠠᠨ᠎ᠠ᠃    

ᠦᠨᠡᠨ ᠰᠠᠶᠢᠨ ᠰᠠᠶᠢᠬᠠᠨ ᠢ ᠪᠦᠷᠢᠯᠳᠦᠬᠦᠯᠬᠦ ᠳᠤ ᠦᠪᠡᠷ ᠤᠨ ᠪᠡᠶ᠎ᠠ ᠲᠠᠢ ᠪᠠᠨ ᠬᠠᠷᠢᠴᠠᠬᠤ ᠴᠢᠳᠠᠪᠤᠷᠢ ᠶᠢ ᠬᠦᠮᠥᠵᠢᠬᠦᠯᠬᠦ ᠴᠢᠬᠤᠯᠠᠳᠠᠢ᠃ ᠴᠢᠷᠮᠠᠶᠢᠨ ᠲᠡᠮᠡᠴᠡᠬᠦ ᠵᠠᠮ ᠳᠤ᠂ ᠠᠮᠵᠢᠯᠳᠠ ᠶᠢᠨ ᠪᠠᠶᠠᠷ ᠪᠠᠭ᠋ᠠᠳᠤᠯ ᠪᠠᠶᠢᠳᠠᠭ᠂ ᠬᠦᠴᠢᠷ ᠪᠡᠷᠭᠡᠰᠢᠶᠡᠯ ᠪᠤᠯᠤᠨ ᠳᠠᠷᠤᠭᠠᠰᠦ ᠴᠦ ᠰᠠᠯᠤᠰᠢ ᠦᠭᠡᠢ ᠪᠠᠶᠢᠳᠠᠭ᠃ ᠦᠬᠡᠳᠡ ᠡᠰᠡᠷᠡᠭ ᠪᠠᠶᠢᠭᠰᠠᠠ ᠴᠦ ᠲᠡᠷᠡ᠂ ᠤᠷᠤᠭᠰᠢ ᠦᠭᠡᠢ ᠪᠠᠶᠢᠭᠰᠠᠠ ᠴᠦ ᠲᠡᠷᠡ᠂ ᠪᠦᠷ ᠠᠮᠢᠳᠤᠷᠠᠯ ᠤᠨ ᠦᠩᠭᠡᠷᠡᠯᠳᠡ ᠪᠠᠶᠢᠵᠤ᠂ ᠪᠦᠷ ᠨᠢᠭᠡ ᠨᠠᠰᠤᠨ ᠤ ᠦᠪ ᠬᠦᠷᠦᠩᠬᠡ ᠪᠤᠯᠵᠤ ᠪᠤᠯᠤᠨ᠎ᠠ᠃ ᠡᠬᠦᠨ ᠳᠤ ᠭᠤᠤᠯ ᠨᠢ ᠲᠦᠷ ᠴᠠᠭ ᠤᠨ ᠠᠮᠵᠢᠯᠳᠠ ᠪᠤᠯᠤᠨ ᠢᠯᠠᠬᠳᠠᠯ ᠳᠤ ᠶᠠᠮᠠᠷᠰᠢᠦ ᠤᠪᠤᠷ ᠢᠶᠠᠷ ᠬᠠᠨᠳᠤᠬᠤ ᠳᠤ ᠪᠤᠢ᠃ ᠪᠢᠴᠢᠯ ᠸᠢᠳᠢᠣ᠋ 《 ᠵᠠᠯᠠᠭᠤᠴᠤᠳ ᠤᠨ ᠦᠯᠢᠬᠡᠷ ᠲᠠᠭᠤᠷᠢᠶᠠᠯ ᠰᠢ ᠶᠢᠨ ᠫᠢᠩ 》 ᠳᠤ᠂ ᠶᠡᠷᠤᠩᠬᠡᠢ ᠱᠦᠵᠢ ᠰᠢ ᠶᠢᠨ ᠫᠢᠩ ᠤᠨ ᠱᠠᠨᠪᠸᠢ ᠶᠢᠨ ᠬᠦᠳᠡᠭᠡ ᠲᠤᠰᠬᠤᠨ ᠳᠤ ᠪᠠᠭᠤᠭᠰᠠᠠ ᠦᠶ᠎ᠡ ᠶᠢᠨ ᠪᠠᠶᠢᠳᠠᠯ ᠢ ᠲᠡᠮᠳᠡᠭᠯᠡᠵᠥ᠂ ᠮᠠᠰᠢ ᠤᠯᠠᠨ ᠬᠦᠮᠥᠰ ᠤᠨ ᠰᠡᠳᠬᠢᠯ ᠢ ᠬᠦᠳᠡᠯᠬᠡᠭᠰᠡᠡ ᠪᠠᠶᠢᠨ᠎ᠠ᠄ ᠲᠡᠷᠡ ᠰᠠᠯᠬᠢ ᠪᠤᠷᠤᠭᠠᠨ ᠤ ᠲᠤᠮᠳᠠᠭᠤᠷ ᠨᠦᠬᠡᠨ ᠭᠡᠷ ᠲᠤ ᠡᠪᠡᠰᠦ ᠬᠡᠷᠴᠢᠵᠥ᠂ ᠤᠷᠤᠢ ᠨᠢ ᠮᠠᠯ ᠤᠨᠤᠭ᠎ᠠ ᠪᠠᠨ ᠡᠷᠬᠢᠵᠥ᠂ ᠶᠠᠮᠠᠷ ᠠᠵᠢᠯ ᠢ ᠴᠦ ᠬᠢᠨ᠎ᠡ᠂ ᠭᠡᠪᠡᠴᠤ ᠬᠡᠳᠤᠢ ᠵᠦᠳᠡᠷᠡᠵᠦ ᠬᠡᠳᠤᠢ ᠶᠠᠭᠠᠷᠠᠤ ᠪᠤᠯᠤᠭᠰᠠᠠ ᠴᠦ ᠨᠤᠮ ᠤᠩᠰᠢᠬᠤ ᠪᠠᠨ ᠶᠡᠷᠤ ᠵᠤᠭᠰᠤᠳᠠᠭ ᠦᠭᠡᠢ᠃ ᠤᠳᠤ ᠦᠶ᠎ᠡ ᠶᠢᠨ ᠵᠠᠯᠠᠭᠤᠴᠤᠳ ᠲᠤ ᠠᠪᠴᠦ ᠬᠡᠯᠡᠪᠡᠯ᠂ ᠵᠦᠬᠡᠷ ᠰᠠᠭᠤᠵᠥ ᠵᠢᠷᠭᠠᠯ ᠡᠳ᠋ᠯᠡᠬᠦ ᠦᠭᠡᠢ᠂ ᠨᠢᠭᠡ ᠴᠠᠭ ᠤᠨ ᠢᠯᠠᠭᠳᠠᠯ ᠳᠤ ᠵᠦᠭ ᠴᠢᠭ ᠢᠶᠠᠨ ᠠᠯᠳᠠᠬᠤ ᠦᠭᠡᠢ᠂ ᠢᠮᠠᠬᠳᠠ ᠤᠷᠤᠭᠰᠢᠯᠠᠨ ᠲᠠᠪᠰᠢᠬᠤ ᠵᠤᠷᠢᠭ ᠲᠠᠢ ᠯᠡ ᠪᠠᠶᠢᠪᠠᠯ᠂ ᠯᠠᠪᠳᠠᠢ ᠰᠢᠨ᠎ᠡ ᠴᠠᠭ ᠦᠶ᠎ᠡ ᠶᠢᠨ ᠵᠠᠯᠠᠭᠤ ᠨᠠᠰᠤᠨ ᠤ ᠲᠠᠭᠤᠯᠠᠯ ᠢ ᠰᠠᠶᠢᠬᠠᠨ ᠴᠢᠪᠬᠠᠳᠠᠬᠤ ᠪᠤᠯᠤᠨ᠎ᠠ᠃    

ᠵᠠᠯᠠᠭᠤᠴᠤᠳ ᠪᠤᠯ ᠬᠠᠮᠤᠭ ᠤᠨ ᠢᠳᠡᠪᠬᠢᠳᠡᠢ ᠬᠠᠮᠤᠭ ᠤᠨ ᠴᠤᠭ ᠪᠠᠳᠠᠷᠠᠩᠭᠤᠢ ᠬᠦᠴᠦᠨ ᠮᠥᠨ᠂ ᠵᠠᠯᠠᠭᠤᠴᠤᠳ ᠤᠨ ᠦᠷᠳᠡᠭ ᠤᠨ ᠬᠠᠨᠳᠤᠰᠢ ᠨᠢ ᠢᠷᠡᠭᠡᠳᠤᠢ ᠶᠢᠨ ᠪᠦᠬᠦ᠋ᠢᠯᠡ ᠨᠡᠶᠢᠬᠡᠮ ᠤᠨ ᠦᠷᠳᠡᠭ ᠤᠨ ᠬᠠᠨᠳᠤᠰᠢ ᠶᠢ ᠲᠤᠭᠳᠠᠭᠠᠵᠥ ᠪᠠᠶᠢᠳᠠᠭ᠃ ᠦᠨᠡᠨ ᠰᠠᠶᠢᠨ ᠰᠠᠶᠢᠬᠠᠨ ᠢᠶᠠᠷ ᠦᠪᠡᠷ ᠢ ᠪᠠᠨ ᠦᠷᠬᠦᠯᠵᠢ ᠱᠠᠭᠠᠷᠳᠠᠵᠥ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠬᠡᠵᠢᠬᠦᠯᠪᠡᠯ᠂ ᠦᠷᠬᠡᠨ ᠤᠯᠠᠨ ᠵᠠᠯᠠᠭᠤᠴᠤᠳ ᠮᠠᠨᠢ ᠯᠠᠪᠳᠠᠢ ᠦᠢᠯᠡ ᠠᠵᠢᠯᠯᠠᠭ᠎ᠠ ᠪᠠᠷ ᠢᠶᠠᠨ ᠵᠤᠷᠢᠭ ᠰᠠᠨᠠᠭᠠᠨ ᠤ ᠰᠠᠭᠤᠷᠢᠨ ᠢᠶᠠᠨ ᠪᠠᠳᠤ ᠴᠤᠭᠴᠠᠯᠠᠵᠥ᠂ ᠦᠩᠬᠡ ᠢᠯᠭᠠᠷᠠᠭᠰᠠᠠ ᠵᠠᠯᠠᠭᠤ ᠨᠠᠰᠤ ᠪᠠᠨ ᠠᠭᠤᠤ ᠶᠡᠭᠡ ᠴᠠᠭ ᠦᠶ᠎ᠡ ᠳᠤ ᠠᠭᠤᠰᠬᠠᠵᠥ ᠴᠢᠳᠠᠨ᠎ᠠ᠃

ᠢᠷᠡᠯᠳᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠬᠠᠷᠢᠭᠤᠴᠠᠭᠰᠠᠨ ᠨᠠᠶᠢᠷᠠᠭᠤᠯᠤᠭᠴᠢ ᠄