ᠡᠬᠢᠯᠡᠯ  —   ᠣᠷᠠᠯᠢᠭᠴᠢᠨ   —   ᠤᠶᠤᠨᠰᠣᠳᠤ

ᠤᠶᠤᠨᠰᠣᠳᠤ ᠬᠠᠳᠠᠭᠠᠯᠠᠬᠤ ᠲᠠᠭᠤᠤ᠄ 22 ᠴᠣᠮᠣᠭ᠄ 1 ᠲᠠᠶᠢᠯᠪᠣᠷᠢ᠄ ᠡᠮᠡᠭᠲᠡᠢ ᠳᠠᠭᠤᠴᠢᠨ ᠣᠩᠰᠢᠭᠰᠠᠨ ᠤᠳᠠᠭ᠎ᠠ᠄ 638

ᠣᠷᠠᠯᠢᠭᠴᠢᠨ ‍ᠣ ᠨᠠᠮᠳᠠᠷ

     ᠵᠠᠯᠠᠭᠤ ᠲᠠᠭᠤᠴᠢᠨ ᠣᠶᠤᠨᠰᠤᠳᠤ᠂ ᠤᠯᠤᠰ ᠤᠨ ᠬᠤᠶᠠᠳᠤᠭᠠᠷ ᠲᠡᠰ ᠦᠨ ᠲᠤᠭᠯᠠᠭᠴᠢ᠂ ᠣᠷᠳᠣᠰ ᠤᠨ ᠦᠦᠰᠢᠨ ᠬᠤᠰᠢᠭᠤᠨ ᠤ ᠬᠠᠷᠠᠭᠳᠠᠨ ᠬᠠᠷᠢᠶᠡᠨ ᠤ ᠪᠠᠶᠠᠨᠨᠠᠮᠤᠷ ᠪᠤᠯᠤᠨ ᠠᠯᠳᠠᠨᠴᠢᠮᠡᠭ ᠤᠨ ᠪᠠᠭ᠎ᠠ ᠦᠬᠢᠨ ᠪᠤᠯᠤᠨ ᠵᠠᠶᠠᠭᠠᠵᠤ ᠲᠠᠭᠤᠤ ᠲᠠᠢ ᠬᠤᠭᠤᠷ ᠲᠠᠢ ᠡᠨᠡ ᠰᠠᠶᠢᠬᠠᠨ ᠨᠤᠳᠤᠭ᠂ ᠰᠤᠶᠤᠯ ᠲᠠᠢ ᠤᠬᠠᠭᠠᠨ ᠲᠠᠢ ᠠᠪᠤ᠋ ᠡᠵᠢ ᠠᠬᠠᠮᠠᠳ ᠨᠠᠰᠤᠳᠠᠨ ᠠᠷᠠᠳ ᠲᠦᠮᠡᠨ ᠤ ᠪᠠᠨ ᠨᠦᠯᠦᠭᠡ ᠪᠡᠷ ᠬᠠᠷᠠᠬᠠᠨ ᠪᠠᠭ᠎ᠠ ᠡᠴᠠ ᠪᠠᠨ ᠲᠠᠭᠤᠤ ᠤᠷᠠᠯᠢᠭ ᠤᠨ ᠠᠪᠢᠶᠠᠰ ᠪᠢᠯᠢᠭ ᠢᠶ᠋ᠡᠨ ᠬᠦᠮᠦᠨ ᠪᠤᠯᠭᠠᠨ ᠳ᠋ᠤ ᠬᠠᠷᠠᠭᠤᠯᠤᠨ ᠠᠶᠠᠨᠳᠠᠭᠠᠨ ᠮᠡᠷᠭᠡᠵᠢᠯ ᠦᠨ ᠲᠠᠭᠤᠴᠢᠨ ᠤ ᠵᠠᠮ ᠢ ᠡᠯᠭᠦᠵᠡᠢ᠃ ᠲᠡᠷᠡᠪᠡᠷ ᠦᠪᠦᠷ ᠮᠣᠩᠭᠣᠯ ᠤᠨ ᠷᠠᠳᠢᠤ‍ ᠲᠸᠯᠸᠢᠰ ᠦᠨ ᠤᠷᠠᠨ ᠰᠠᠶᠢᠬᠠᠨ ᠤ ᠪᠦᠯᠬᠦᠮ ᠪᠠ ᠲᠠᠯᠠᠤᠨ ᠬᠤᠰᠢᠭᠤᠨ ᠤ ᠤᠯᠠᠭᠠᠨᠮᠦ᠋ᠴᠢᠷ ᠤᠨ ᠲᠠᠭᠤᠴᠢᠨ ᠪᠠᠶᠢᠬᠤ ᠳ᠋ᠠᠭᠠᠨ ᠭᠸᠷᠮᠡᠨ᠂ ᠹᠷᠠᠨᠽᠢ᠂ ᠠᠦ᠋ᠰᠲ᠋ᠷᠢᠶ᠎ᠠ᠂ ᠨᠤᠷᠸᠠᠢ᠂ ᠲᠠᠢ ᠣᠯᠣᠰ᠂ ᠰᠢᠶᠠᠩᠭᠠᠩ᠂ ᠣᠣᠮᠸᠨ ᠵᠡᠷᠭᠡ ᠠᠷᠪᠠ ᠭᠠᠷᠤᠢ ᠤᠯᠤᠰ ᠪᠤᠯᠤᠨ ᠭᠠᠵᠠᠷ ᠤᠷᠤᠨ ᠢᠶᠠᠷ ᠲᠤᠭᠯᠠᠯᠳᠠ ᠭᠠᠷᠭᠠᠬᠤ ᠶᠢᠨ ᠬᠠᠮᠲᠤ 2006 ᠣᠨ ᠳᠤ ᠠᠦ᠋ᠰᠲᠷᠢᠶ᠎ᠠ ᠶᠢᠨ ᠸᠢᠶᠸᠨᠠ ᠶᠢᠨ ᠠᠯᠲᠠᠨ ᠣᠷᠳᠣᠨ᠎ᠠ ᠬᠦᠷᠴᠦ ᠲᠣᠭᠯᠠᠯᠲᠠ ᠭᠠᠷᠭᠠᠨ᠂ ᠮᠣᠩᠭᠣᠯ ᠤᠷᠳᠤ ᠶ᠋ᠢᠨ ᠲᠠᠭᠤᠤ ᠶ᠋ᠢᠨ ᠭᠠᠶᠢᠬᠠᠮᠰᠢᠭᠲᠤ ᠰᠢᠳᠢ ᠬᠦᠴᠦᠨ ᠢ ᠲᠡᠯᠡᠬᠡᠢ ᠶ᠋ᠢᠨ ᠠᠳᠠᠯᠢ ᠪᠤᠰᠤ ᠠᠷᠠᠰᠤᠳᠠᠨ ᠶᠠᠰᠤᠳᠠᠨ ᠪᠠ ᠦᠨᠳᠦᠰᠦᠳᠡᠨ ᠳ᠋ᠦ ᠪᠢᠰᠢᠷᠡᠭᠦᠯᠦᠨ ᠲᠠᠨᠢᠭᠤᠯᠵᠤ᠂ ᠲᠡᠷᠡᠴᠢᠯᠡᠨ ᠠᠷᠠᠳ ᠤᠨ ᠰᠠᠶᠢᠬᠠᠨ ᠲᠠᠭᠤᠤ᠂ ᠠᠪᠢᠶᠠᠰᠯᠢᠭ ᠰᠠᠶᠢᠬᠠᠨ ᠬᠤᠭᠤᠯᠠᠢ ᠪᠠᠷ ᠢᠶᠡᠨ ᠠᠷᠠᠳ ᠲᠦᠮᠡᠨ ᠤ ᠪᠠᠨ ᠬᠠᠶᠢᠷ᠎ᠠ ᠬᠦᠨᠳᠦᠳᠬᠡᠯ ᠢ ᠤᠯᠵᠤ ᠪᠢᠯᠡ᠃
     ᠲᠠᠭᠤᠴᠢᠨ ᠣᠶᠤᠨᠰᠤᠳᠤ ᠮᠠᠨᠢ 2004 ᠤᠨ ᠤ CCTV ᠡᠴᠠ ᠡᠷᠬᠢᠯᠡᠭᠰᠡᠨ ᠲᠤᠮᠳᠠᠳᠤ ᠶ᠋ᠢᠨ ᠪᠠᠷᠠᠭᠤᠨ ᠬᠡᠰᠡᠭ ᠦᠨ ᠠᠷᠠᠳ ᠤᠨ ᠲᠠᠭᠤᠤ ᠶ᠋ᠢᠨ ᠲᠸᠯᠸᠢᠰ ᠱᠠᠩᠨᠠᠯᠳᠤ ᠤᠷᠤᠯᠳᠤᠭᠠᠨ ᠤ ᠮᠦᠩᠭᠦᠨ ᠮᠸᠳᠡᠯ᠂ 2005 ᠤᠨ ᠤ ᠦᠪᠦᠷ ᠮᠣᠩᠭᠣᠯ ᠤᠨ ᠬᠤᠶᠠᠳᠤᠭᠠᠷ ᠬᠤᠭᠤᠴᠠᠭᠠᠨ ᠤ ᠤᠷᠳᠤ ᠶ᠋ᠢᠨ ᠳᠠᠭᠤᠤ ᠶᠢᠨ ᠤᠷᠤᠯᠳᠤᠭᠠᠨ ᠤ ᠠᠯᠳᠠᠨ ᠮᠸᠳᠡᠯ᠂ 2007 ᠤᠨ ᠤ ᠹᠷᠠᠨᠽᠢ ᠳ᠋ᠤ ᠪᠤᠯᠤᠭᠰᠠᠨ 36 ᠳ᠋ᠤᠭᠠᠷ ᠬᠤᠭᠤᠴᠠᠭᠠᠨ ᠤ ᠲᠡᠯᠡᠬᠡᠢ ᠶ᠋ᠢᠨ ᠨᠠᠶᠢᠷᠠᠯ ᠳᠠᠭᠤᠤ ᠶᠢᠨ ᠲᠡᠮᠡᠴᠡᠭᠡᠨ ᠤ ᠮᠦᠩᠭᠦᠨ ᠮᠸᠳᠡᠯ᠂ 2008 ᠤᠨ ᠤ ᠪᠦᠬᠦ ᠤᠯᠤᠰ ᠤᠨ ᠨᠠᠢᠮᠠᠨ ᠮᠤᠵᠢ ᠤᠷᠤᠨ ᠤ ᠮᠣᠩᠭᠣᠯ ᠲᠠᠭᠤᠤ ᠶ᠋ᠢᠨ ᠲᠸᠯᠸᠢᠰ ᠱᠠᠩᠨᠠᠯᠳᠤ ᠤᠷᠤᠯᠳᠤᠭᠠᠨ ᠤ ᠮᠦᠩᠭᠦᠨ ᠮᠸᠳᠡᠯ ᠂ ᠤᠷᠳᠤᠰ ᠲᠤ ᠪᠤᠯᠤᠭᠰᠠᠨ ᠲᠡᠯᠡᠬᠡᠢ ᠶ᠋ᠢᠨ ᠰᠤᠶᠤᠯ ᠤᠨ ᠨᠠᠶᠢᠷ ᠤᠨ 《 ᠤᠷᠳᠤᠰ ᠠᠷᠠᠳ ᠤᠨ ᠲᠠᠭᠤᠤ ᠶ᠋ᠢᠨ ᠤᠷᠤᠯᠳᠤᠭᠠᠨ 》 ᠤ ᠠᠯᠳᠠᠨ ᠮᠸᠳᠡᠯ᠂ 2010 ᠤᠨ ᠤ ᠪᠦᠬᠦ ᠤᠯᠤᠰ ᠤᠨ ᠨᠠᠢᠮᠠᠨ ᠮᠤᠵᠢ ᠤᠷᠤᠨ ᠤ ᠤᠷᠳᠤᠰ ᠠᠷᠠᠳ ᠤᠨ ᠲᠠᠭᠤᠤ ᠶ᠋ᠢᠨ ᠤᠷᠤᠯᠳᠤᠭᠠᠨ ᠤ ᠠᠯᠳᠠᠨ ᠮᠸᠳᠡᠯ᠂ 2015 ᠣᠨ ᠤ 11 ᠰᠠᠷ᠎ᠠ ᠳᠤ ᠪᠣᠯᠣᠭᠰᠠᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠴᠥᠬᠡᠨ ᠲᠣᠭᠠᠲᠤ ᠦᠨᠳᠦᠰᠦᠲᠡᠨ ᠦ ᠠᠷᠠᠳ ᠤᠨ ᠳᠠᠭᠤᠤ ᠶᠢᠨ ᠦᠵᠡᠭᠦᠯᠦᠯᠭᠡ ᠶᠢᠨ ᠲᠣᠭᠯᠠᠯᠲᠠ ᠶᠢᠨ ᠭᠠᠨᠨᠠᠨ ᠳᠠᠬᠢ ᠶᠡᠷᠦᠩᠬᠡᠢ ᠲᠠᠯᠠᠪᠠᠢ ᠤᠷᠤᠯᠳᠤᠭᠠᠨ ᠤ ᠠᠯᠲᠠᠨ ᠮᠧᠳᠠᠯ ᠢ ᠲᠤᠰ ᠲᠤᠰ ᠲᠣᠰᠪᠠ᠃

ᠣᠷᠠᠯᠢᠭᠴᠢᠨ ‍ᠣ ᠴᠤᠮᠤᠭ

ᠵᠢᠷᠠᠨ ᠬᠠᠶᠢᠯᠠᠰᠤ ᠲᠠᠭᠤᠴᠢᠨ ᠄ ᠤᠶᠤᠨᠰᠣᠳᠤ ᠣᠩᠰᠢᠭᠰᠠᠨ ᠤᠳᠠᠭ᠎ᠠ ᠄ 550