ᠡᠬᠢᠯᠡᠯ  —   ᠣᠷᠠᠯᠢᠭᠴᠢᠨ   —   ᠯ · ᠵᠤᠷᠢᠭᠲᠤᠪᠠᠭᠠᠲᠤᠷ

ᠯ · ᠵᠤᠷᠢᠭᠲᠤᠪᠠᠭᠠᠲᠤᠷ ᠬᠠᠳᠠᠭᠠᠯᠠᠬᠤ ᠲᠠᠭᠤᠤ᠄ 24 ᠴᠣᠮᠣᠭ᠄ 1 ᠲᠠᠶᠢᠯᠪᠣᠷᠢ᠄ ᠬᠥᠭᠵᠢᠮ ᠦᠨ ᠵᠣᠬᠢᠶᠠᠯᠴᠢ ᠣᠩᠰᠢᠭᠰᠠᠨ ᠤᠳᠠᠭ᠎ᠠ᠄ 1522

ᠣᠷᠠᠯᠢᠭᠴᠢᠨ ‍ᠣ ᠨᠠᠮᠳᠠᠷ

     ᠯ · ᠵᠤᠷᠢᠭᠲᠤᠪᠠᠭᠠᠲᠤᠷ᠂ ᠬᠦᠭᠵᠢᠮ ᠦᠨ ᠵᠤᠬᠢᠶᠠᠯᠴᠢ᠂ ᠰᠢᠯᠢ  ᠶ᠋ᠢᠨ ᠭᠣᠣᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠤᠤᠯ ᠤᠨ ᠪᠠᠶᠠᠨᠪᠤᠯᠠᠭ ᠰᠤᠮᠤᠨ ᠤ ᠪᠠᠶᠠᠨᠪᠤᠯᠤᠳ ᠭᠠᠴᠠᠭᠠᠨ ᠤ ᠤᠤᠭᠠᠯ᠃ ᠬᠠᠷᠠᠬᠠᠨ ᠪᠠᠭ᠎ᠠ ᠡᠴᠠ ᠪᠠᠨ ᠪᠢᠴᠢᠭ ᠡᠷᠳᠡᠮ ᠳ᠋ᠦ ᠰᠢᠮᠳᠡᠨ ᠮᠤᠩᠭᠤᠯ ᠬᠦᠮᠦᠨ ᠦ ᠬᠡᠶᠢᠮᠦᠷᠢ ᠰᠦᠯᠳᠡ ᠪᠤᠯᠤᠭᠰᠠᠨ ᠮᠤᠷᠢᠨ ᠬᠤᠭᠤᠷ ᠲᠠᠢ ᠬᠤᠪᠢ ᠵᠠᠶᠠᠭ᠎ᠠ ᠪᠠᠨ ᠬᠤᠯᠪᠤᠭᠰᠠᠨ ᠡᠴᠠ ᠨᠠᠭᠠᠰᠢ ᠰᠦᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠮᠤᠷᠢᠨ ᠬᠤᠭᠤᠷᠴᠢ᠂ ᠰᠤᠶᠤᠯ ᠤᠨ ᠤᠷᠳᠤᠨ ᠤ ᠳᠠᠷᠤᠭ᠎ᠠ᠂ ᠰᠦᠨᠢᠳ ᠮᠦᠽᠧᠢ ᠶ᠋ᠢᠨ ᠳᠠᠷᠤᠭ᠎ᠠ ᠪᠠᠷ ᠠᠵᠢᠯᠯᠠᠵᠤ᠂ ᠰᠡᠳᠬᠢᠯ ᠳ᠋ᠦ᠋ᠨᠢ ᠡᠭᠡᠰᠢᠭᠯᠡᠭᠰᠡᠨ ᠲᠠᠯ᠎ᠠ ᠨᠤᠲᠤᠭ ᠤᠨ ᠢᠶᠡᠨ ᠲᠠᠩᠰᠤᠭ ᠠᠶᠠᠯᠭᠤᠨ ᠳ᠋ᠤ ᠬᠦᠲᠦᠯᠦᠭᠳᠡᠭᠰᠡᠭᠡᠷ ᠨᠢᠭᠡ ᠮᠡᠳᠡᠬᠦ ᠳ᠋ᠦ ᠵᠠᠭᠤ ᠭᠠᠷᠤᠢ ᠳᠠᠭᠤᠤ ᠶ᠋ᠢᠨ ᠠᠶᠠᠯᠭᠤ ᠵᠤᠬᠢᠶᠠᠭᠰᠠᠨ ᠤᠷᠠᠨ ᠪᠦᠲᠦᠭᠡᠯᠴᠢ ᠪᠤᠯᠤᠭᠰᠠᠨ ᠪᠠᠶᠢᠯ᠎ᠠ᠃
     ᠲᠡᠷᠡ ᠮᠠᠨᠢ 2008 ᠣᠨ ᠤ ᠪᠡᠭᠡᠵᠢᠩ ᠦᠨ ᠤᠯᠢᠮᠫᠢᠺ ᠤᠨ ᠨᠡᠭᠡᠭᠡᠯᠲᠡ ᠶ᠋ᠢᠨ ᠶᠤᠰᠤᠯᠠᠯ ᠳ᠋ᠤ ᠮᠤᠷᠢᠨ ᠬᠤᠭᠤᠷ ᠢᠶᠡᠨ ᠡᠭᠡᠰᠢᠭᠯᠡᠭᠦᠯᠦᠭᠰᠡᠨ ᠤᠯᠤᠰ ᠤᠨ ᠬᠤᠶᠠᠳᠤᠭᠠᠷ ᠳᠡᠰ ᠦᠨ ᠬᠦᠭᠵᠢᠮ ᠦᠨ ᠵᠤᠬᠢᠶᠠᠯᠴᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 《 5.1 ᠢᠨᠵᠧᠨᠧᠷᠢᠩ 》 ᠱᠠᠩᠨᠠᠯᠲᠤ ᠬᠦᠭᠵᠢᠮ ᠦᠨ ᠵᠤᠬᠢᠶᠠᠯᠴᠢ᠂ ᠳᠤᠮᠳᠠᠳᠤ ᠤᠯᠤᠰ ᠤᠨ ᠮᠤᠷᠢᠨ ᠬᠤᠭᠤᠷ ᠤᠨ ᠡᠷᠳᠡᠮ ᠰᠢᠨᠵᠢᠯᠡᠭᠡᠨ ᠦ ᠨᠡᠶᠢᠭᠡᠮᠯᠢᠭ ᠦᠨ ᠭᠡᠰᠢᠭᠦᠨ᠂ ᠳᠤᠮᠳᠠᠳᠤ ᠤᠯᠤᠰ ᠤᠨ ᠦᠪᠦᠷ ᠮᠤᠩᠭᠤᠯ ᠤᠨ ᠤᠷᠲᠤ ᠶ᠋ᠢᠨ ᠳᠠᠭᠤᠨ ᠤ ᠨᠡᠶᠢᠭᠡᠮᠯᠢᠭ ᠦᠨ ᠭᠡᠰᠢᠭᠦᠨ᠂ ᠰᠢᠯᠢ ᠶ᠋ᠢᠨ ᠭᠣᠣᠯ ᠠᠶᠢᠮᠠᠭ ᠤᠨ ᠳᠠᠭᠤᠤ ᠬᠦᠭᠵᠢᠮᠴᠢᠳ ᠦᠨ ᠨᠡᠶᠢᠭᠡᠮᠯᠢᠭ ᠦᠨ ᠭᠡᠰᠢᠭᠦᠨ ᠶᠤᠮ᠃ ᠲᠡᠭᠦᠨ ᠦ 《 ᠡᠷᠭᠢᠬᠦ ᠤᠯᠠᠷᠢᠯ 》᠂ 《 ᠰᠠᠭᠠᠯᠢᠴᠢᠨ 》᠂ 《 ᠠᠯᠳᠠᠷᠳᠤ ᠪᠦᠬᠡ ᠶ᠋ᠢᠨ ᠠᠷᠪᠠᠨ ᠵᠢᠷᠭᠤᠭᠠᠲᠤ — ᠴᠤᠶᠢᠵᠠᠮᠰᠤ 》᠂ 《 ᠰᠦᠨ ᠬᠠᠶᠢᠷ᠎ᠠ ᠶ᠋ᠢᠨ ᠲᠡᠭᠷᠢ 》᠂ 《 ᠴᠢᠩᠬᠢᠰ ᠪᠤᠭᠳᠠ ᠠᠭᠤᠯᠠ 》᠂ 《 ᠠᠵᠠ ᠶ᠋ᠢᠨ ᠬᠤᠷᠸ᠎ᠠ ᠰᠢᠯᠢᠩᠬᠣᠲᠠ ᠮᠢᠨᠢ 》 ᠵᠡᠷᠭᠡ ᠳᠠᠭᠤᠤ ᠶ᠋ᠢᠨ ᠤᠷᠠᠨ ᠪᠦᠲᠦᠭᠡᠯ ᠢᠶ᠋ᠡᠨ ᠦᠷᠭᠡᠨ ᠤᠯᠠᠨ ᠳ᠋ᠠᠭᠠᠨ ᠷᠠᠳᠢᠣ᠋ ᠲᠧᠯᠸᠢᠰ ‍ᠦᠨ ᠠᠯᠲᠠᠨ ᠳᠤᠯᠬᠢᠶᠠᠨ ᠢᠶᠠᠷ ᠬᠦᠷᠭᠡᠵᠦ ᠭᠠᠨᠵᠤᠭ᠎ᠠ ᠳᠥᠭᠥᠷᠡᠩ ᠶᠠᠪᠤᠭ᠎ᠠ ᠶ᠋ᠢ ᠨᠢ ᠪᠠᠬᠠᠷᠬᠠᠨ ᠲᠡᠮᠳᠡᠭᠯᠡᠭᠦᠰᠢᠲᠠᠢ᠃ ᠲᠡᠷᠡᠴᠢᠯᠡᠨ 《 ᠰᠦᠨᠢᠳ ᠠᠷᠠᠳ ᠤᠨ ᠦᠯᠢᠭᠡᠷ ᠳᠤᠮᠤᠭᠲᠤ ᠳᠠᠭᠤᠤ ᠪᠤᠯᠤᠨ ᠵᠤᠬᠢᠶᠠᠯ ᠤᠨ ᠳᠠᠭᠤᠤ ᠶ᠋ᠢᠨ ᠲᠡᠭᠦᠪᠦᠷᠢ 》᠂ 《 ᠰᠦᠨᠢᠳ ᠵᠡᠭᠦᠨ ᠬᠤᠰᠢᠭᠤᠨ ᠤ ᠰᠤᠶᠤᠯ ᠤᠨ ᠤᠷᠳᠤᠨ ᠤ 40 ᠵᠢᠯ 》 ᠵᠡᠷᠭᠡ ᠨᠤᠮ ᠵᠤᠬᠢᠶᠠᠯ ᠤᠳ ᠢ ᠬᠡᠪᠯᠡᠭᠦᠯᠦᠨ ᠲᠠᠷᠬᠠᠭᠠᠭᠰᠠᠨ ᠰᠤᠶᠤᠯ ᠤᠨ ᠵᠢᠳᠭᠦᠯᠲᠡᠨ ᠦ ᠨᠢᠭᠡ ᠶᠤᠮ᠃ ᠡᠨᠡᠬᠥ ᠤᠷᠠᠨ ᠪᠦᠲᠦᠭᠡᠯ ᠨᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠦᠨ ᠤᠢ ᠪᠤᠯᠤᠨ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠦᠨ ᠤᠢ ᠳ᠋ᠤ ᠵᠤᠷᠢᠭᠤᠯᠤᠭᠰᠠᠨ ᠨᠠᠨᠳᠢᠨ ᠪᠡᠯᠡᠭ ᠶᠤᠮ᠃


ᠣᠷᠠᠯᠢᠭᠴᠢᠨ ‍ᠣ ᠴᠤᠮᠤᠭ

ᠰᠦᠨ ᠬᠠᠶᠢᠷ᠎ᠠ ᠶᠢᠨ ᠲᠡᠭᠷᠢ ᠲᠠᠭᠤᠴᠢᠨ ᠄ ᠯ · ᠵᠤᠷᠢᠭᠲᠤᠪᠠᠭᠠᠲᠤᠷ ᠣᠩᠰᠢᠭᠰᠠᠨ ᠤᠳᠠᠭ᠎ᠠ ᠄ 1584

ᠣᠷᠠᠯᠢᠭᠴᠢᠨ ‍ᠣ ᠲᠠᠭᠤᠤ