ᠡᠬᠢᠯᠡᠯ  —   ᠣᠷᠠᠯᠢᠭᠴᠢᠨ   —   ᠨᠠ‍ · ᠵᠤᠯᠠ

ᠨᠠ‍ · ᠵᠤᠯᠠ ᠬᠠᠳᠠᠭᠠᠯᠠᠬᠤ ᠲᠠᠭᠤᠤ᠄ 14 ᠴᠣᠮᠣᠭ᠄ 1 ᠲᠠᠶᠢᠯᠪᠣᠷᠢ᠄ ᠡᠮᠡᠭᠲᠡᠢ ᠳᠠᠭᠤᠴᠢᠨ ᠣᠩᠰᠢᠭᠰᠠᠨ ᠤᠳᠠᠭ᠎ᠠ᠄ 4856

ᠣᠷᠠᠯᠢᠭᠴᠢᠨ ‍ᠣ ᠨᠠᠮᠳᠠᠷ

         ᠨᠠ‍ · ᠵᠤᠯᠠ ᠂ ᠦᠪᠦᠷ ᠮᠣᠩᠭᠣᠯ ᠤᠨ ᠤᠷᠲᠦ ᠶ᠋ᠢᠨ ᠳᠠᠭᠤᠤ ᠶ᠋ᠢᠨ ᠨᠡᠶᠢᠭᠡᠮᠯᠢᠭ ᠦᠨ ᠭᠡᠰᠢᠭᠦᠨ ᠂ ᠦᠪᠦᠷ ᠮᠣᠩᠭᠣᠯ ᠤᠨ ᠣᠷᠳᠤᠰ ᠠᠷᠠᠳ ᠤᠨ ᠳᠠᠭᠤᠤ ᠶ᠋ᠢᠨ ᠨᠡᠶᠢᠭᠡᠮᠯᠢᠭ ᠦᠨ ᠭᠡᠰᠢᠭᠦᠨ ᠣᠷᠳᠦᠰ ᠬᠣᠲᠠ ᠶ᠋ᠢᠨ ᠦᠤᠰᠢᠨ ᠬᠣᠰᠢᠭᠣᠨ ᠤ ᠭᠠᠯᠠᠭᠤᠲᠤ ᠪᠠᠯᠭᠠᠰᠤᠨ ᠤ ᠬᠥᠬᠡᠨᠠᠭᠤᠷ ᠭᠠᠴᠠᠭᠠᠨ ᠤ ᠪᠠᠶᠠᠨᠪᠤᠯᠠᠭ ᠮᠠᠯᠵᠢᠯ ᠤᠨ ᠬᠣᠷᠰᠢᠶ᠎ᠠ ᠪᠠᠷ ᠨᠤᠲᠤᠭ ᠲᠠᠢ ᠃ ᠬᠠᠷᠠᠬᠠᠨ ᠪᠠᠭ᠎ᠠ ᠡᠴᠠ ᠪᠠᠨ ᠡᠮᠡᠭᠡ ᠡᠵᠢ ᠪᠣᠯᠣᠨ ᠠᠪᠤ᠋ ᠡᠵᠢ ᠶ᠋ᠢᠨ ᠢᠶ᠋ᠡᠨ ᠨᠥᠯᠥᠭᠡᠯᠡᠯ ᠳᠣᠣᠷ᠎ᠠ ᠠᠷᠠᠳ ᠤᠨ ᠳᠠᠭᠤᠤ ᠶ᠋ᠢᠨ ᠲᠤᠬᠠᠢ ᠤᠯᠠᠮ ᠭᠦᠨᠵᠡᠭᠡᠢ ᠣᠶᠢᠯᠠᠭᠠᠯᠲᠠ ᠲᠠᠨᠢᠯᠲᠠ ᠲᠠᠢ ᠪᠣᠯᠵᠤ ᠂ ᠡᠨᠡ ᠨᠢ ᠬᠣᠵᠢᠮ ᠤᠨ ᠮᠡᠷᠭᠡᠵᠢᠯ ᠦᠨ ᠳᠠᠭᠤᠴᠢᠨ ᠤ ᠵᠠᠮ ᠢ ᠡᠯᠭᠦᠬᠦ ᠳ᠋ᠦ᠋ᠨᠢ ᠮᠠᠰᠢ ᠶᠡᠬᠡ ᠨᠦᠬᠦᠴᠡᠯ ᠪᠣᠯᠣᠭᠰᠠᠨ ᠪᠠᠶᠢᠨ᠎ᠠ ᠃ 2003 ᠣᠨ ᠳ᠋ᠥ ᠦᠪᠦᠷ ᠮᠣᠩᠭᠣᠯ ᠤᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠳᠠᠭᠤᠤ ᠬᠥᠭᠵᠢᠮ ᠦᠨ ᠰᠠᠯᠪᠤᠷᠢ ᠳ᠋ᠥ  ᠳᠠᠭᠤᠯᠠᠭᠠᠴᠢ ᠶ᠋ᠢᠨ ᠮᠡᠷᠭᠡᠵᠢᠯ ᠢᠶ᠋ᠡᠷ ᠰᠢᠯᠭᠠᠭᠳᠠᠨ ᠣᠷᠣᠵᠣ ᠵᠢᠩᠬᠢᠨᠢ ᠤᠷᠠᠯᠢᠭ ᠤᠨ ᠵᠠᠮ ᠢᠶᠡᠨ ᠡᠬᠢᠯᠡᠭᠦᠯᠦᠭᠰᠡᠨ ᠪᠠᠶᠢᠨ᠎ᠠ ᠃ 2012 ᠣᠨ ᠳ᠋ᠥ 《ᠣᠷᠳᠣᠰ ᠠᠷᠠᠳ ᠤᠨ ᠤᠷᠳᠦ ᠶ᠋ᠢᠨ ᠳᠠᠭᠤᠤ ᠶ᠋ᠢᠨ ᠲᠤᠬᠠᠢ ᠠᠩᠬᠠᠨ ᠤ ᠰᠢᠨᠵᠢᠯᠡᠭᠡᠨ》ᠭᠡᠬᠦ ᠥᠭᠦᠯᠡᠯ ᠢᠶ᠋ᠡᠷ ᠢᠶ᠋ᠡᠨ ᠦᠪᠦᠷ ᠮᠣᠩᠭᠣᠯ ᠤᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ ᠳᠠᠭᠤᠤ ᠬᠥᠭᠵᠢᠮ ᠦᠨ ᠰᠠᠯᠪᠤᠷᠢ ᠶ᠋ᠢᠨ 《ᠤᠮᠠᠷᠠᠲᠤ ᠶ᠋ᠢᠨ ᠴᠥᠬᠡᠨ ᠲᠤᠭᠠᠲᠦ ᠦᠨᠳᠦᠰᠦᠲᠡᠨ ᠤ ᠤᠷᠠᠯᠢᠭ》 ᠤᠨ《ᠤᠷᠲᠦ ᠶ᠋ᠢᠨ ᠳᠠᠭᠤᠤ ᠶ᠋ᠢᠨ ᠳᠠᠭᠤᠯᠠᠬᠤᠢ ᠪᠠ ᠣᠨᠣᠯ ᠤᠨ ᠰᠣᠳᠣᠯᠭᠠᠨ》 ᠤ ᠴᠢᠭᠯᠡᠯ ᠦᠨ ᠮᠠᠰᠲ᠋ᠸᠷ ᠴᠣᠯᠠ ᠬᠠᠮᠠᠭᠠᠯᠠᠵᠠᠢ ᠃
ᠳᠠᠭᠤᠴᠢᠨ ᠨᠠ‍ · ᠵᠤᠯᠠ ᠮᠠᠨᠢ ᠡᠨᠡᠬᠥ ᠠᠵᠢᠯ ᠰᠤᠷᠤᠯᠴᠠᠯᠭ᠎ᠠ ᠶ᠋ᠢᠨ ᠳᠤᠮᠳᠠ ᠪᠠᠨ ᠪᠠᠰᠠ ᠲᠤᠩ ᠣᠯᠠᠨ ᠱᠠᠩᠨᠠᠯ ᠬᠦᠬᠢᠭᠦᠯᠦᠯ ᠢᠶ᠋ᠡᠷ ᠡᠩᠭᠡᠷ ᠢᠶ᠋ᠡᠨ ᠮᠢᠯᠢᠶᠠᠯᠭᠠᠵᠤ ᠶᠠᠪᠤᠭᠰᠠᠨ ᠶᠤᠮ ᠃ 2005 ᠣᠨ ᠳ᠋ᠥ ᠰᠢᠶᠠᠮᠧᠨ ᠳ᠋ᠥ ᠪᠣᠯᠣᠭᠰᠠᠨ ᠳᠦᠷᠪᠡᠳᠦᠭᠡᠷ ᠤᠳᠠᠭᠠᠨ ᠤ ᠳᠡᠯᠡᠬᠡᠢ ᠶ᠋ᠢᠨ ᠨᠠᠶᠢᠷᠠᠯ ᠳᠠᠭᠤᠤ ᠶ᠋ᠢᠨ ᠲᠡᠮᠡᠴᠡᠭᠡᠨ ᠤ ᠮᠦᠩᠭᠦᠨ ᠮᠸᠳᠠᠯ ᠂ 2010 ᠣᠨ ᠤ 《ᠴᠢᠩᠭᠢᠰ ᠬᠠᠭᠠᠨ》ᠨᠡᠷᠡᠮᠵᠢᠲᠦ ᠪᠦᠬᠦ ᠤᠯᠤᠰ ᠤᠨ ᠨᠠᠢᠮᠠᠨ ᠮᠤᠵᠢ ᠣᠷᠣᠨ ᠤ ᠣᠷᠳᠦᠰ ᠠᠷᠠᠳ ᠤᠨ ᠳᠠᠭᠤᠤ ᠶ᠋ᠢᠨ ᠤᠷᠤᠯᠳᠤᠭᠠᠨ ᠤ ᠤᠷᠲᠦ ᠶ᠋ᠢᠨ ᠳᠠᠭᠤᠤ ᠶ᠋ᠢᠨ ᠳᠤᠭᠤᠶᠢᠯᠠᠩ ᠤᠨ ᠮᠥᠩᠭᠥᠨ ᠮᠸᠳᠠᠯ ᠬᠦᠷᠲᠡᠵᠤ  ᠂ 2014 ᠣᠨ ᠤ 《ᠤᠳᠤᠮᠪᠠᠷᠠ》ᠨᠡᠷᠡᠮᠵᠢᠲᠦ ᠣᠷᠳᠦᠰ ᠠᠷᠠᠳ ᠤᠨ ᠳᠠᠭᠤᠤ ᠶ᠋ᠢᠨ ᠤᠷᠤᠯᠳᠤᠭᠠᠨ ᠤ ᠬᠤᠶᠠᠳᠤᠭᠠᠷ ᠨᠡᠷ᠎ᠡ ᠳ᠋ᠦ ᠲᠣᠳᠣᠷᠠᠨ ᠂ 2015 ᠣᠨ ᠳ᠋ᠥ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠪᠦᠳᠤᠭᠠᠷ ᠤᠳᠠᠭᠠᠨ ᠤ ᠦᠷᠭᠦᠭᠡᠨ ᠤ ᠬᠦᠭᠵᠢᠮ ᠦᠨ ᠭᠤᠷᠪᠠᠳᠤᠭᠠᠷ ᠨᠡᠷ᠎ᠡ ᠳ᠋ᠦ  ᠲᠣᠳᠣᠷᠠᠵᠤ ᠂ 2015 ᠣᠨ ᠤ 10 ᠰᠠᠷ᠎ᠠ ᠳ᠋ᠥ ᠪᠣᠯᠣᠭᠰᠠᠨ ᠠᠩᠬᠠᠳᠤᠭᠠᠷ ᠤᠳᠠᠭᠠᠨ ᠤ 《 ᠳᠤᠮᠳᠠᠳᠤ ᠶ᠋ᠢᠨ ᠬᠦᠰᠡᠯᠡᠩ ᠢᠶ᠋ᠡᠨ ᠪᠡᠶᠡᠯᠡᠭᠦᠯᠵᠦ ᠂ ᠲᠡᠭᠷᠢᠯᠢᠭ ᠡᠭᠡᠰᠢᠭ ᠢᠶ᠋ᠡᠨ ᠳᠠᠭᠤᠯᠠᠶ᠎ᠠ 》 ᠪᠦᠬᠦ ᠤᠯᠤᠰ ᠤᠨ ᠴᠥᠬᠡᠨ ᠲᠤᠭᠠᠲᠦ ᠦᠨᠳᠦᠰᠦᠲᠡᠨ ᠤ ᠢᠵᠠᠭᠤᠷ ᠳᠠᠭᠤᠤ ᠤᠷᠠᠯᠢᠭ ᠤᠨ ᠤᠷᠤᠯᠳᠤᠭᠠᠨ ᠳ᠋ᠥ ᠠᠯᠲᠠᠨ ᠮᠸᠲᠠᠯ ᠬᠥᠷᠲᠡᠨ ᠂ ᠮᠥᠨ 2015 ᠣᠨ ᠤ 11 ᠰᠠᠷ᠎ᠠ ᠳ᠋ᠥ ᠪᠣᠯᠣᠭᠰᠠᠨ 《ᠲᠠᠯ᠎ᠠ ᠨᠤᠲᠤᠭ ᠤᠨ ᠳᠠᠭᠤᠯᠠᠯ 》ᠣᠷᠳᠣᠰ ᠠᠷᠠᠳ ᠤᠨ ᠳᠠᠭᠤᠤ ᠶ᠋ᠢᠨ ᠤᠷᠤᠯᠳᠤᠭᠠᠨ ᠤ ᠠᠯᠲᠠᠨ ᠮᠸᠲᠠᠯ ᠂ 2016 ᠣᠨ ᠤ 5 ᠰᠠᠷ᠎ᠠ ᠳ᠋ᠥ ᠪᠣᠯᠣᠭᠰᠠᠨ《ᠦᠨᠳᠦᠰᠦᠲᠡᠨ ᠤ ᠪᠦᠯᠬᠦᠮᠳᠡᠯ 》 ᠬᠤᠨᠳᠠᠭᠠᠲᠦ ᠤᠷᠳᠦᠰ ᠠᠷᠠᠳ ᠤᠨ ᠳᠠᠭᠤᠤ ᠶ᠋ᠢᠨ ᠤᠷᠤᠯᠳᠤᠭᠠᠨ ᠤ ᠤᠷᠲᠦ ᠶ᠋ᠢᠨ ᠳᠠᠭᠤᠤ ᠶ᠋ᠢ ᠳᠤᠭᠤᠶᠢᠯᠠᠩ ᠤᠨ ᠠᠯᠲᠠᠨ ᠮᠸᠳᠠᠯ ᠵᠡᠷᠭᠡ ᠲᠤᠩ ᠣᠯᠠᠨ ᠱᠠᠩᠨᠠᠯ ᠬᠦᠬᠢᠭᠦᠯᠦᠯ ᠬᠦᠷᠲᠡᠭᠰᠡᠨ ᠶᠤᠮ  ᠃ 2017 ᠣᠨ ᠤ 7 ᠰᠠᠷ᠎ᠠ ᠶ᠋ᠢᠨ 2 ᠳ᠋ᠥ ᠬᠥᠬᠡᠬᠤᠲᠠ ᠳ᠋ᠥ 《 ᠰᠡᠳᠬᠢᠯ ᠦᠨ ᠬᠠᠨᠢ 》ᠤᠷᠠᠨ ᠪᠦᠲᠦᠭᠡᠯ ᠦᠨ ᠠᠩᠬᠠᠨ ᠤ CD ᠴᠣᠮᠣᠭ ᠤᠨ ᠲᠠᠷᠬᠠᠭᠠᠯᠲᠠ ᠶ᠋ᠢᠨ ᠶᠣᠰᠣᠯᠠᠯ ᠢᠶᠡᠨ ᠡᠷᠬᠢᠯᠡᠪᠡ ᠃ ᠣᠳᠦ ᠲᠡᠷᠡ ᠪᠡᠷ ᠬᠥᠬᠡᠬᠤᠲᠠ ᠥᠨᠳᠦᠰᠦᠲᠡᠨ ᠤ ᠳᠡᠭᠡᠳᠦ ᠰᠤᠷᠭᠠᠭᠤᠯᠢ  ᠳ᠋ᠥ ᠤᠷᠲᠦ ᠶ᠋ᠢᠨ ᠳᠠᠭᠤᠤ ᠶ᠋ᠢᠨ ᠪᠠᠭᠰᠢ ᠶ᠋ᠢᠨ ᠠᠯᠪᠠᠨ᠎ᠠ ᠪᠣᠢ ᠃

ᠣᠷᠠᠯᠢᠭᠴᠢᠨ ‍ᠣ ᠴᠤᠮᠤᠭ

ᠰᠡᠳᠬᠢᠯ ᠦᠨ ᠬᠠᠨᠢ ᠲᠠᠭᠤᠴᠢᠨ ᠄ ᠨᠠ‍ · ᠵᠤᠯᠠ ᠣᠩᠰᠢᠭᠰᠠᠨ ᠤᠳᠠᠭ᠎ᠠ ᠄ 5625