ᠣᠷᠠᠯᠢᠭᠴᠢᠨ ᠣ ᠨᠠᠮᠳᠠᠷ
ᠭᠣᠮᠪᠣᠰᠦ᠋ᠷᠦᠩ ᠤᠨ ᠪᠠᠲᠤᠬᠣᠶᠠᠭ᠂ ᠰᠢᠯᠢ ᠶ᠋ᠢᠨ ᠭᠤᠤᠯ ᠠᠶᠢᠮᠠᠭ ᠤᠨ ᠰᠢᠯᠤᠭᠤᠨ ᠬᠦᠬᠡ ᠬᠣᠰᠢᠭᠤᠨ ᠳᠤ ᠨᠤᠲᠤᠭ ᠲᠠᠢ᠃ ᠣᠳᠣ ᠪᠠᠷᠠᠭᠤᠨ ᠦᠵᠦᠮᠦᠴᠢᠨ ᠬᠣᠰᠢᠭᠤᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠲᠣᠪᠴᠢᠶᠠᠨ ᠳᠤ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠵᠦᠪᠯᠡᠯ ᠤᠨ ᠠᠯᠪᠠᠨ ᠭᠡᠷ ᠲᠤ ᠠᠵᠢᠯᠯᠠᠵᠤ ᠪᠣᠢ᠃ ᠬᠣᠷᠢᠭᠠᠳ ᠵᠢᠯ ᠤᠨ ᠲᠤᠷᠰᠢ ᠳᠤ ᠳᠤᠮᠳᠠᠳᠤ ᠪᠠᠭ᠎ᠠ ᠰᠤᠷᠭᠠᠭᠤᠯᠢ ᠨᠤᠭᠤᠳ ᠲᠤ ᠬᠢᠴᠢᠶᠡᠯ ᠬᠦᠮᠦᠵᠢᠯ ᠤᠨ ᠠᠵᠢᠯ ᠢ ᠬᠢᠵᠦ ᠶᠠᠪᠤᠭᠰᠠᠨ ᠪᠠᠶᠠᠯᠢᠭ ᠲᠤᠷᠰᠢᠯᠭ᠎ᠠ ᠲᠠᠢ ᠥᠨᠳᠥᠷ ᠳᠡᠰ ᠤᠨ ᠪᠠᠭᠰᠢ ᠪᠢᠯᠡ᠃
ᠬᠢᠴᠢᠶᠡᠯ ᠬᠦᠮᠦᠵᠢᠯ ᠤᠨ ᠠᠵᠢᠯ ᠤᠨ ᠵᠠᠪᠰᠠᠷ ᠲᠤ ᠤᠷᠠᠨ ᠵᠣᠬᠢᠶᠠᠯ ᠤᠷᠤᠯᠳᠤᠵᠤ᠂ 1983 ᠣᠨ ᠳᠤ ᠠᠩᠬᠠᠨ ᠤ ᠪᠦᠲᠦᠭᠡᠯ 《 ᠮᠣᠩᠭᠣᠯ ᠬᠦᠦ 》 ᠭᠡᠬᠦ ᠰᠢᠯᠦᠭ ᠢᠶᠡᠨ 《 ᠰᠢᠯᠢ ᠶ᠋ᠢᠨ ᠭᠣᠣᠯ ᠤᠨ ᠡᠳᠦᠷ ᠤᠨ ᠰᠣᠨᠢᠨ 》 ᠳᠤ ᠨᠡᠶᠢᠲᠡᠯᠡᠭᠦᠯᠦᠭᠰᠡᠨ ᠡᠴᠠ ᠠᠪᠤᠭᠠᠳ ᠡᠳᠦᠭᠡ ᠪᠣᠯᠲᠠᠯ᠎ᠠ ᠬᠡᠳᠦᠨ ᠵᠠᠭᠤᠭᠠᠳ ᠪᠦᠲᠦᠭᠡᠯ ᠢᠶᠡᠨ ᠣᠷᠣᠨ ᠠᠶᠢᠮᠠᠭ ᠤᠨ ᠨᠣᠮ ᠰᠡᠳᠬᠦᠯ ᠤᠳ ᠲᠤ ᠨᠡᠶᠢᠲᠡᠯᠡᠭᠦᠯᠦᠨ ᠨᠡᠶᠢᠲᠡ ᠤᠩᠰᠢᠭᠴᠢᠳ ᠤᠨ ᠢᠶᠡᠨ ᠬᠠᠶᠢᠷ᠎ᠠ ᠬᠦᠨᠳᠦᠳᠬᠡᠯ ᠢ ᠣᠯᠣᠭᠰᠠᠨ ᠤᠷᠠᠨ ᠪᠦᠲᠦᠭᠡᠯᠴᠢᠳ ᠤᠨ ᠨᠢᠭᠡᠨ᠃ 1999 ᠣᠨ ᠳᠤ 《 ᠲᠤᠭᠤᠷᠠᠢ ᠶ᠋ᠢᠨ ᠪᠦᠷᠢᠳᠦ 》 ᠬᠡᠮᠡᠬᠦ ᠰᠢᠯᠦᠭ ᠤᠨ ᠨᠣᠮ ᠢᠶᠡᠨ ᠬᠡᠪᠯᠡᠭᠦᠯᠪᠡ᠃
ᠣᠳᠣ ᠰᠢᠯᠢ ᠶ᠋ᠢᠨ ᠭᠣᠣᠯ ᠠᠶᠢᠮᠠᠭ ᠤᠨ ᠵᠣᠬᠢᠶᠠᠯᠴᠢᠳ ᠤᠨ ᠨᠡᠶᠢᠭᠡᠮᠯᠢᠭ ᠤᠨ ᠬᠡᠰᠢᠭᠦᠨ᠂ ᠥᠪᠥᠷ ᠮᠣᠩᠭᠣᠯ ᠤᠨ ᠦᠪᠡᠷᠲᠡᠭᠡᠨ ᠵᠠᠰᠠᠬᠤ ᠣᠷᠣᠨ ᠤ ᠵᠣᠬᠢᠶᠠᠯᠴᠢᠳ ᠤᠨ ᠡᠪᠯᠡᠯ ᠤᠨ ᠬᠡᠰᠢᠭᠦᠨ᠂ ᠪᠠᠷᠠᠭᠤᠨ ᠦᠵᠦᠮᠦᠴᠢᠨ ᠬᠣᠰᠢᠭᠤᠨ ᠤ ᠤᠳᠬ᠎ᠠ ᠤᠷᠠᠯᠢᠭ ᠤᠨ ᠬᠢᠨ ᠤ ᠬᠣᠯᠪᠣᠭᠠᠨ ᠤ ᠨᠢᠭᠡᠳᠦᠭᠡᠷ᠂ ᠬᠣᠶᠠᠳᠤᠭᠠᠷ ᠬᠤᠭᠤᠴᠠᠭᠠᠨ ᠤ ᠲᠦᠯᠦᠭᠡᠯᠡᠭᠴᠢᠳ ᠤᠨ ᠬᠤᠷᠠᠯ ᠤᠨ ᠬᠡᠰᠢᠭᠦᠨ ᠵᠡᠷᠭᠡ ᠨᠡᠶᠢᠭᠡᠮ ᠤᠨ ᠡᠭᠦᠷᠭᠡ ᠲᠤᠰᠢᠶᠠᠯ ᠲᠠᠢ ᠶᠠᠪᠤᠭ᠎ᠠ᠃
ᠣᠷᠠᠯᠢᠭᠴᠢᠨ ᠣ ᠴᠤᠮᠤᠭ
ᠤᠷᠠᠯᠢᠭᠴᠢᠨ ᠴᠣᠮᠣᠭ ᠪᠠᠶᠢᠬᠤ ᠦᠭᠡᠢ᠃
|