ᠣᠷᠠᠯᠢᠭᠴᠢᠨ ᠣ ᠨᠠᠮᠳᠠᠷ
ᠵᠠᠯᠠᠭᠤ ᠳᠠᠭᠤᠴᠢᠨ ᠭᠡᠷᠡᠯᠮ᠎ᠠ ᠠᠯᠠᠱᠠ ᠵᠡᠭᠦᠨ ᠬᠣᠰᠢᠭᠤᠨ ᠤ ᠢᠬᠢᠷᠬᠠᠱᠢᠭᠠ ᠰᠤᠮᠤᠨ ᠤ ᠰᠢᠷᠠᠬᠤᠯᠤᠰᠤᠨ ᠤᠰᠤᠨ ᠤ ᠮᠠᠯᠴᠢᠨ ᠴᠣᠶᠢᠮᠪᠤᠯ ᠠᠯᠲᠠᠨᠴᠡᠴᠡᠭ ᠬᠣᠶᠠᠷ ᠤᠨ ᠥᠬᠢᠨ ᠨᠢ ᠪᠣᠯᠣᠨ ᠵᠠᠶᠠᠭᠠᠵᠠᠢ᠃ ᠲᠡᠷᠡ ᠪᠡᠷ ᠬᠠᠷᠠᠬᠠᠨ ᠪᠠᠭ᠎ᠠ ᠡᠴᠠ ᠪᠠᠨ ᠳᠠᠭᠤᠤ ᠤᠷᠠᠯᠢᠭ ᠲᠤ ᠠᠪᠢᠶᠠᠰ ᠰᠣᠨᠢᠷᠬᠠᠯ ᠲᠠᠢ ᠬᠡᠦᠬᠡᠳ ᠪᠠᠶᠢᠭᠰᠠᠨ ᠪᠦᠭᠡᠳ ᠤᠳᠤᠮᠲᠤ ᠳᠠᠭᠤᠴᠢᠨ ᠠᠪᠤ᠋ ᠡᠵᠢ ᠶ᠋ᠢᠨ ᠢᠶ᠋ᠡᠨ ᠳᠠᠭᠤᠯᠠᠬᠤ ᠶ᠋ᠢᠨ ᠵᠠᠶᠠᠭᠠᠨ ᠳ᠋ᠤ ᠲᠦᠰᠢᠵᠦ᠂ ᠳᠠᠭᠤᠴᠢᠨ ᠪᠣᠯᠬᠤ ᠶ᠋ᠢᠨ ᠬᠦᠰᠡᠯ ᠮᠥᠷᠥᠭᠡᠳᠦᠯ ᠳ᠋ᠦ ᠱᠤᠮᠪᠠᠵᠤ ᠶᠠᠪᠤᠵᠠᠢ᠃
ᠠᠪᠢᠶᠠᠰ ᠪᠣᠯ ᠠᠯᠲᠠᠨ ᠶᠤᠮ ᠬᠡᠵᠢᠶ᠎ᠡ ᠬᠠᠮᠢᠭ᠎ᠠ ᠴᠤ ᠵᠢᠪᠡᠷᠡᠳᠡᠭ ᠦᠭᠡᠢ ᠪᠢᠯᠡ᠃ ᠲᠡᠷᠡ ᠰᠤᠮᠤᠨ ᠤ ᠪᠠᠨ ᠳᠠᠭᠤᠨ ᠤ ᠤᠷᠤᠯᠳᠤᠭᠠᠨ ᠳ᠋ᠤ ᠲᠡᠷᠢᠭᠦᠨ ᠪᠠᠶᠢᠷᠢ ᠡᠵᠡᠯᠡᠭᠰᠡᠨ ᠡᠴᠡ ᠣᠯᠠᠨ ᠤ ᠠᠩᠬᠠᠷᠤᠯ ᠳ᠋ᠤ ᠬᠦᠷᠴᠦ᠂ ᠠᠯᠠᠱᠠ ᠵᠡᠭᠦᠨ ᠬᠣᠰᠢᠭᠤᠨ ᠤ ᠵᠣᠴᠢᠳ ᠤᠨ ᠪᠠᠭᠤᠳᠠᠯ ᠤᠨ ᠤᠷᠠᠯᠢᠭ ᠤᠨ ᠪᠦᠯᠬᠦᠮ ᠳ᠋ᠦ ᠡᠯᠰᠡᠭᠳᠡᠨ ᠣᠷᠣᠭᠰᠠᠨ ᠡᠴᠠ ᠳᠠᠭᠤᠤ ᠤᠷᠠᠯᠢᠭ ᠤᠨ ᠵᠠᠮ ᠢᠶᠠᠷ ᠵᠠᠮᠨᠠᠬᠤ ᠭᠠᠷᠤᠭ᠎ᠠ ᠪᠠᠨ ᠵᠢᠩᠬᠢᠨᠢ ᠪᠡᠷ ᠡᠬᠢᠯᠡᠭᠦᠯᠦᠭᠰᠡᠨ ᠠᠵᠠᠢ᠃
2003 ᠳ᠋ᠤ ᠣᠨ ᠲᠥᠪ ᠲᠸᠯᠸᠢᠰ ᠦᠨ ᠭᠤᠷᠪᠠᠳᠤᠭᠠᠷ ᠰᠤᠪᠠᠭ ᠢᠶᠠᠷ ᠶᠠᠪᠤᠭᠳᠠᠳᠠᠭ 《ᠬᠣᠪᠢᠯᠭᠠᠨ ᠣᠷᠣᠨ ᠤ ᠤᠷᠠᠯᠢᠭ ᠤᠨ ᠲᠠᠪᠴᠠᠩ 》ᠮᠥᠷᠥᠶᠢᠴᠡᠭᠡᠨ ᠳ᠋ᠦ ᠭᠤᠷᠪᠠᠳᠤᠭᠠᠷ ᠪᠠᠶᠢᠷᠢ ᠡᠵᠡᠯᠡᠵᠦ᠂ ᠳᠠᠶᠠᠭᠠᠷ ᠣᠯᠠᠨ ᠳ᠋ᠠᠭᠠᠨ ᠲᠠᠨᠢᠭᠳᠠᠵᠤ ᠪᠢᠯᠡ᠃ ᠲᠡᠷᠡ ᠪᠠᠰᠠ ᠮᠣᠩᠭᠣᠯ ᠦᠨᠳᠦᠰᠦᠲᠡᠨ ᠦ ᠤᠯᠠᠮᠵᠢᠯᠠᠯᠲᠤ ᠳᠠᠭᠤᠤ ᠤᠷᠠᠯᠢᠭ ᠤᠨ ᠤᠯᠠᠮᠵᠢᠯᠠᠭᠴᠢ᠂ ᠲᠡᠷᠡ ᠪᠡᠷ ᠠᠯᠠᠱᠠ ᠠᠷᠠᠳ ᠤᠨ ᠳᠠᠭᠤᠤ ᠵᠢᠴᠢ ᠤᠷᠲᠤ ᠶ᠋ᠢᠨ ᠳᠠᠭᠤᠤ ᠶ᠋ᠢᠨ ᠤᠯᠠᠮᠵᠢᠯᠠᠨ ᠳᠡᠯᠭᠡᠷᠡᠭᠦᠯᠬᠦ ᠳ᠋ᠦ ᠬᠣᠪᠢ ᠨᠡᠮᠡᠷᠢ ᠦᠵᠡᠭᠦᠯᠦᠭᠰᠡᠭᠡᠷ ᠢᠷᠡᠵᠡᠢ᠃