ᠡᠬᠢᠯᠡᠯ  —   ᠣᠷᠠᠯᠢᠭᠴᠢᠨ   —   ᠰᠢᠷᠠᠬᠦᠦ

ᠰᠢᠷᠠᠬᠦᠦ ᠬᠠᠳᠠᠭᠠᠯᠠᠬᠤ ᠲᠠᠭᠤᠤ᠄ 5 ᠴᠣᠮᠣᠭ᠄ 0 ᠲᠠᠶᠢᠯᠪᠣᠷᠢ᠄ ᠡᠷᠡᠭᠲᠡᠢ ᠳᠠᠭᠤᠴᠢᠨ ᠣᠩᠰᠢᠭᠰᠠᠨ ᠤᠳᠠᠭ᠎ᠠ᠄ 1470

ᠣᠷᠠᠯᠢᠭᠴᠢᠨ ‍ᠣ ᠨᠠᠮᠳᠠᠷ

     ᠫᠤᠤᠴᠢ ᠪᠠᠯᠨᠤᠳ ᠣᠪᠣᠭᠲᠣ ᠰᠢᠷᠡᠬᠦᠦ ᠠᠷᠪᠠᠨ ᠵᠢᠷᠭᠤᠳᠤᠭᠠᠷ ᠵᠢᠷᠠᠨ ᠤ ᠴᠠᠭᠠᠭᠴᠢᠨ ᠮᠤᠭᠠᠢ ᠵᠢᠯ ( 1941 ᠣᠨ ) ᠦᠵᠦᠮᠦᠴᠢᠨ ᠪᠠᠷᠠᠭᠤᠨ ᠬᠤᠰᠢᠭᠤᠨ ᠤ ᠪᠣᠷᠤᠤᠰ ᠵᠡᠯᠡᠨ ᠤ ᠬᠠᠷᠢᠶ᠎ᠠ ᠪᠤᠷᠤᠣᠰ ᠪᠠᠷᠠᠭᠤᠨ ᠰᠣᠮᠣᠨ ᠳ᠋ᠤ ᠲᠦᠷᠦᠵᠡᠢ᠃ ᠲᠡᠷᠡ ᠪᠣᠯ ᠵᠢᠷ ᠦᠨ ᠨᠢᠭᠡᠨ ᠮᠠᠯᠴᠢᠨ ᠬᠦᠮᠦᠨ᠂ ᠬᠠᠷᠠᠬᠠᠨ ᠪᠠᠭ᠎ᠠ ᠡᠴᠠ ᠪᠠᠨ ᠠᠷᠠᠳ ᠤᠨ ᠳᠠᠭᠤᠤ ᠳ᠋ᠤ ᠳᠤᠷ᠎ᠠ ᠪᠠᠬᠠᠲᠠᠢ ᠪᠠᠶᠢᠵᠤ ᠤᠶᠢᠷ᠎ᠠ ᠬᠠᠪᠢ ᠳ᠋ᠠᠭᠠᠨ ᠳᠠᠭᠤᠴᠢᠨ ᠨᠡᠷ᠎ᠡ ᠲᠠᠢ ᠶᠠᠪᠤᠵᠤ᠂ ᠬᠣᠷᠢᠮ ᠨᠠᠶᠢᠷ ᠲᠤ ᠤᠷᠲᠤ ᠶ᠋ᠢᠨ ᠳᠠᠭᠤᠤ ᠪᠠᠨ ᠳᠠᠭᠤᠯᠠᠵᠤ ᠮᠠᠯᠴᠢᠨ ᠲᠦᠮᠡᠨ ᠢᠶ᠋ᠡᠨ ᠪᠠᠶᠠᠰᠬᠠᠳᠠᠭ ᠪᠠᠶᠢᠵᠠᠢ᠃
     ᠣᠳᠣ ᠠᠶᠢᠮᠠᠭ ᠣᠷᠣᠨ ᠤ ᠤᠷᠲᠤ ᠶ᠋ᠢᠨ ᠳᠠᠭᠤᠤ ᠶ᠋ᠢ ᠥᠪᠯᠡᠨ ᠤᠯᠠᠮᠵᠢᠯᠠᠬᠤ ᠪᠤᠳᠠᠰ ᠤᠨ ᠪᠣᠰᠤ ᠰᠣᠶᠣᠯ ᠤᠨ ᠥᠪ ‍ᠤᠨ ᠤᠯᠠᠮᠵᠢᠯᠠᠭᠴᠢ᠂ ᠰᠢᠯᠢ ᠶ᠋ᠢᠨ ᠭᠣᠣᠯ ᠠᠶᠢᠮᠠᠭ ᠤᠨ ᠤᠳᠬ᠎ᠠ ᠤᠷᠠᠯᠢᠭ ᠤᠨ ᠬᠣᠯᠪᠣᠭᠠᠨ ᠤ ᠭᠡᠰᠢᠭᠦᠨ᠂ ᠰᠢᠯᠢ ᠶ᠋ᠢᠨ ᠭᠣᠣᠯ ᠠᠶᠢᠮᠠᠭ ᠤᠨ ᠤᠷᠠᠯᠢᠭ ᠵᠣᠬᠢᠶᠠᠨ ᠪᠦᠲᠦᠭᠡᠬᠦ ᠰᠣᠳᠣᠯᠭᠠᠨ ᠤ ᠥᠪ ᠦᠨ ᠰᠣᠳᠣᠯᠣᠭᠴᠢ᠂ ᠰᠢᠯᠢ ᠶ᠋ᠢᠨ ᠭᠣᠣᠯ ᠠᠶᠢᠮᠠᠭ ᠤᠨ ᠤᠷᠲᠤ ᠶ᠋ᠢᠨ ᠳᠠᠭᠤᠤ ᠶ᠋ᠢᠨ ᠨᠡᠶᠢᠭᠡᠮᠯᠢᠭ ᠦᠨ ᠭᠡᠰᠢᠭᠦᠨ ᠵᠢᠴᠢ ᠯᠾᠠᠰᠦ᠋ᠷᠦᠩ ᠦᠨ 《 ᠤᠷᠠᠯᠢᠭ ᠰᠣᠳᠣᠯᠣᠯ ᠤᠨ ᠠᠵᠢᠯᠯᠠᠬᠤ ᠲᠠᠰᠤᠭ 》 ᠤᠨ ᠳᠠᠭᠤᠤ ᠬᠦᠭᠵᠢᠮ ᠦᠨ ᠬᠦᠨᠳᠦᠲᠦ ᠪᠠᠭᠰᠢ ᠵᠡᠷᠭᠡ ᠨᠡᠶᠢᠭᠡᠮ ‍ᠤᠨ ᠡᠭᠦᠷᠭᠡ ᠲᠣᠰᠢᠶᠠᠯ ‍ᠢ ᠬᠠᠷᠢᠭᠤᠴᠠᠵᠤ ᠪᠠᠶᠢᠭ᠎ᠠ ᠪᠦᠭᠡᠳ ᠦᠪᠦᠷ ᠮᠣᠩᠭᠣᠯ ᠤᠨ ᠶᠡᠬᠡ ᠰᠤᠷᠭᠠᠭᠤᠯᠢ ᠶ᠋ᠢᠨ ᠤᠷᠠᠯᠢᠭ ᠤᠨ ᠳᠡᠭᠡᠳᠦ ᠰᠤᠷᠭᠠᠭᠤᠯᠢ ᠶ᠋ᠢᠨ 《 ᠦᠨᠳᠦᠰᠦᠲᠡᠨ ᠦ ᠳᠠᠭᠤᠤ ᠬᠦᠭᠵᠢᠮ ᠢ ᠦᠪᠯᠡᠨ ᠤᠯᠠᠮᠵᠢᠯᠠᠬᠤ ᠤᠯᠠᠭ᠎ᠠ ᠦᠷᠲᠡᠭᠡ 》 ᠳ᠋ᠦ ᠠᠷᠠᠳ ᠤᠨ ᠤᠷᠠᠯᠢᠭᠴᠢᠨ ᠢᠶᠠᠷ ᠬᠦᠨᠳᠦᠳᠭᠡᠨ ᠣᠷᠢᠭᠳᠠᠵᠤ ᠪᠠᠶᠢᠭ᠎ᠠ ᠠᠬᠠᠮᠠᠳ ᠣᠷᠠᠯᠢᠭᠴᠢᠨ ᠪᠢᠯᠡ᠃
     ᠡᠳᠦᠭᠡ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠤᠨ ᠤ ᠠᠯᠲᠠᠨᠬᠢᠩᠭᠠᠨ ᠭᠠᠴᠠᠭᠠᠨ ᠳᠤ ᠦᠷ᠎ᠡ ᠬᠡᠤᠬᠡᠳ ᠢᠶᠠᠷ ᠢᠶᠡᠨ ᠠᠰᠠᠷᠠᠭᠤᠯᠤᠨ ᠦᠲᠡᠯᠦᠭᠡ ᠨᠠᠰᠤ ᠪᠠᠨ ᠵᠣᠯ ᠵᠢᠷᠭᠠᠯᠲᠠᠢ ᠦᠩᠭᠡᠷᠡᠭᠡᠵᠦ ᠶᠠᠪᠤᠭ᠎ᠠ᠃

ᠣᠷᠠᠯᠢᠭᠴᠢᠨ ‍ᠣ ᠴᠤᠮᠤᠭ

ᠤᠷᠠᠯᠢᠭᠴᠢᠨ ᠴᠣᠮᠣᠭ ᠪᠠᠶᠢᠬᠤ ᠦᠭᠡᠢ᠃