ᠡᠬᠢᠯᠡᠯ  —   ᠣᠷᠠᠯᠢᠭᠴᠢᠨ   —   ᠶᠠᠩᠵᠢᠨᠽᠤᠤ

ᠶᠠᠩᠵᠢᠨᠽᠤᠤ ᠬᠠᠳᠠᠭᠠᠯᠠᠬᠤ ᠲᠠᠭᠤᠤ᠄ 2 ᠴᠣᠮᠣᠭ᠄ 0 ᠲᠠᠶᠢᠯᠪᠣᠷᠢ᠄ ᠡᠮᠡᠭᠲᠡᠢ ᠳᠠᠭᠤᠴᠢᠨ ᠣᠩᠰᠢᠭᠰᠠᠨ ᠤᠳᠠᠭ᠎ᠠ᠄ 157

ᠣᠷᠠᠯᠢᠭᠴᠢᠨ ‍ᠣ ᠨᠠᠮᠳᠠᠷ

          ᠶᠠᠩᠵᠢᠨᠽᠤᠤ ᠂ ᠳᠡᠭᠡᠳᠦ  ᠮᠣᠩᠭᠣᠯ ᠢᠶᠠᠷ ᠨᠤᠲᠤᠭᠲᠠᠢ ᠃ ᠦᠪᠦᠷ ᠮᠣᠩᠭᠣᠯ ᠤᠨ ᠪᠠᠭᠰᠢ ᠶ᠋ᠢᠨ  ᠶᠡᠬᠡ ᠰᠤᠷᠭᠠᠭᠤᠯᠢ ᠶ᠋ᠢᠨ ᠳᠠᠭᠤᠤ ᠬᠥᠭᠵᠢᠮ ᠦᠨ ᠳᠡᠭᠡᠳᠦ ᠰᠤᠷᠭᠠᠭᠤᠯᠢ ᠡᠴᠠ ᠰᠤᠷᠤᠯᠭ᠎ᠠ ᠲᠡᠭᠦᠰᠪᠡ ᠃ ᠬᠠᠷᠠᠬᠠᠨ ᠪᠠᠭ᠎ᠠ ᠡᠴᠠ ᠪᠠᠨ ᠳᠠᠭᠤᠤ ᠤᠷᠠᠯᠢᠭ ᠲᠤ ᠪᠠᠬᠠᠲᠠᠢ ᠲᠡᠷᠡ ᠪᠡᠷ ᠤᠷᠤᠯᠳᠤᠭᠠᠨ ᠮᠦᠷᠦᠶᠢᠴᠡᠭᠡᠨ ᠢᠶ᠋ᠡᠷ ᠠᠪᠢᠶᠠᠰ ᠴᠢᠳᠠᠪᠦᠷᠢ ᠪᠠᠨ ᠰᠣᠷᠢᠵᠤ ᠶᠠᠪᠤᠭᠰᠠᠨ ᠢᠶᠡᠨ2012 ᠣᠨ ᠳ᠋ᠥ ᠬᠥᠬᠡᠨᠠᠭᠤᠷ  ᠮᠤᠵᠢ ᠶ᠋ᠢᠨ ᠬᠣᠶᠠᠳᠤᠭᠠᠷ ᠬᠤᠭᠤᠴᠠᠭᠠᠨ ᠤ ᠤᠷᠠᠯᠢᠭ ᠤᠨ ᠤᠷᠤᠯᠳᠤᠭᠠᠨ ᠳ᠋ᠥ ᠲᠤᠰᠬᠠᠢ ᠮᠡᠷᠭᠡᠵᠢᠯ ᠦᠨ ᠳᠤᠭᠤᠶᠢᠯᠠᠩ ᠤᠨ ᠠᠯᠲᠠᠨ ᠱᠠᠩᠨᠠᠯ᠂ 2013 ᠣᠨ ᠳ᠋ᠥ ᠬᠥᠬᠡᠨᠠᠭᠤᠷ ᠮᠤᠵᠢ ᠶ᠋ᠢᠨ ᠤᠷᠠᠯᠢᠭ ᠤᠨ ᠤᠷᠤᠯᠳᠤᠭᠠᠨ ᠤ ᠲᠤᠰᠬᠠᠢ ᠮᠡᠷᠭᠡᠵᠢᠯ ᠦᠨ ᠳᠤᠭᠤᠶᠢᠯᠠᠩ ᠤᠨ ᠮᠥᠩᠭᠥᠨ ᠮᠸᠳᠠᠯ ᠢᠶᠠᠷ ᠡᠩᠭᠡᠷ ᠢᠶᠡᠨ ᠮᠢᠯᠢᠶᠠᠯᠭᠠᠵᠤ ᠶᠠᠪᠤᠭᠰᠠᠨ ᠤ ᠤᠯᠠᠮ ᠳ᠋ᠥ 2013 ᠣᠨ ᠳ᠋ᠥ ᠬᠥᠬᠡᠨᠠᠭᠤᠷ ᠮᠤᠵᠢ ᠶ᠋ᠢᠨ 《ᠺᠦᠨ ᠯᠦᠨ ᠤ ᠣᠳᠣᠨ》ᠵᠠᠯᠠᠭᠤ  ᠳᠠᠭᠤᠴᠢᠳ ᠤᠨ ᠤᠷᠤᠯᠳᠤᠭᠠᠨ ᠤ ᠬᠣᠶᠠᠳᠤᠭᠠᠷ ᠳᠡᠰ ᠦᠨ ᠱᠠᠩᠨᠠᠯ᠂ 《 ᠺᠦᠨ ᠯᠦᠨ ᠤ ᠣᠳᠣᠨ》ᠭᠡᠬᠦ ᠢᠷᠠᠭᠤ ᠠᠯᠳᠠᠷ ᠬᠦᠷᠲᠡᠪᠡ ᠃ 2014 ᠣᠨ ᠳ᠋ᠥ ᠦᠪᠦᠷ ᠮᠣᠩᠭᠣᠯ ᠤᠨ ᠠᠯᠠᠱᠠ ᠠᠶᠢᠮᠠᠭ ᠡᠴᠠ ᠡᠷᠬᠢᠯᠡᠭᠰᠡᠨ ᠳᠠᠭᠤᠤ ᠶ᠋ᠢᠨ ᠤᠷᠤᠯᠳᠤᠭᠠᠨ  ᠤ ᠰᠢᠯᠢᠳᠡᠭ  ᠳᠡᠰ ᠂ 2016 ᠣᠨ ᠳ᠋ᠥ ᠬᠥᠬᠡᠨᠠᠭᠤᠷ ᠮᠤᠵᠢ ᠶ᠋ᠢᠨ 《 ᠦᠨᠳᠦᠰᠦᠲᠡᠨ ᠤ ᠪᠦᠯᠬᠦᠮᠳᠡᠯ ᠬᠤᠨᠳᠠᠭᠠᠲᠦ 》ᠴᠠᠶᠢᠳᠠᠮ ᠤᠨ ᠵᠠᠯᠠᠭᠤ ᠳᠠᠭᠤᠴᠢᠳ ᠤᠨ ᠤᠷᠤᠯᠳᠤᠭᠠᠨ ᠳ᠋ᠥ ᠭᠤᠷᠪᠠᠳᠤᠭᠠᠷ ᠳᠡᠰ ᠵᠡᠷᠭᠡ ᠱᠠᠩᠨᠠᠯ ᠬᠦᠬᠢᠭᠦᠯᠦᠯ ᠬᠦᠷᠲᠡᠪᠡ ᠃ ᠡᠾᠸᠨᠠᠨ ᠮᠣᠩᠭᠣᠯ ᠬᠣᠰᠢᠭᠤᠨ ᠤ 2017 ᠣᠨ ᠤ ᠴᠠᠭᠠᠨ ᠰᠠᠷ᠎ᠠ ᠶ᠋ᠢᠨ ᠦᠳᠡᠰᠢᠯᠡᠭᠡ ᠳ᠋ᠥ ᠤᠷᠢᠭᠳᠠᠭᠰᠠᠨ ᠪᠥᠭᠡᠳ2017 ᠣᠨ ᠤ ᠳᠡᠭᠡᠳᠦ ᠮᠣᠩᠭᠣᠯ ᠤᠨ  ᠴᠠᠭᠠᠨ ᠰᠠᠷ᠎ᠠ ᠶ᠋ᠢᠨ ᠦᠳᠡᠰᠢᠯᠡᠭᠡ ᠳ᠋ᠥ ᠣᠷᠣᠯᠴᠠᠭᠰᠠᠨ ᠪᠠᠶᠢᠨ᠎ᠠ᠃ ᠲᠡᠭᠦᠨ ᠤ ᠳᠠᠭᠤᠯᠠᠭᠰᠠᠨ ᠵᠠᠷᠢᠮ ᠳᠠᠭᠤᠤ ᠨᠤᠭᠤᠳ ᠨᠢ 《 ᠳᠡᠭᠡᠳᠦ ᠮᠣᠩᠭᠣᠯ ᠤᠨ ᠢᠵᠠᠭᠤᠷ ᠠᠷᠠᠳ ᠤᠨ ᠳᠠᠭᠤᠤ ᠶ᠋ᠢᠨ ᠰᠣᠳᠣᠨ ᠪᠦᠲᠦᠭᠡᠯ 》ᠳ᠋ᠥ ᠰᠣᠩᠭᠣᠭᠳᠠᠨ ᠣᠷᠣᠭᠰᠠᠨ ᠪᠠᠶᠢᠨ᠎ᠠ ᠃

ᠣᠷᠠᠯᠢᠭᠴᠢᠨ ‍ᠣ ᠴᠤᠮᠤᠭ

ᠤᠷᠠᠯᠢᠭᠴᠢᠨ ᠴᠣᠮᠣᠭ ᠪᠠᠶᠢᠬᠤ ᠦᠭᠡᠢ᠃